2024 ᠣᠨ ᠤ 1 — 2 ᠰᠠᠷ᠎ᠠ ᠳᠤ ᠠᠵᠤ ᠦᠢᠯᠡᠳᠪᠦᠷᠢ ᠶᠢᠨ ᠠᠵᠤ ᠠᠬᠤᠶ ᠡᠷᠴᠢᠮᠲᠡᠢ ᠡᠬᠢᠯᠡᠪᠡ
ᠨᠡᠶᠢᠲᠡᠯᠡᠭᠰᠡᠨ ᠴᠠᠭ᠄
2024/3/22
    1 — 2 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.9 % ᠪᠠᠷ ᠨᠡᠮᠡᠭᠳᠡᠵᠦ᠂ 2023 ᠣᠨ ᠤ ᠬᠢ ᠠᠴᠠ 19.7 ᠵᠠᠭᠤᠨ ᠤ ᠬᠤᠪᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠲᠡᠷᠢᠭᠦᠯᠡᠪᠡ᠃     ᠭᠤᠷᠪᠠᠨ ᠲᠣᠮᠣ ᠲᠥᠷᠥᠯ ᠵᠦᠢᠯ ᠪᠦᠬᠦ ᠲᠠᠯ᠎ᠠ ᠪᠠᠷ ᠨᠡᠮᠡᠭᠳᠡᠵᠤ᠂ ᠡᠨᠧᠷᠭᠢ ᠶᠢᠨ ᠠᠵᠤ ᠦᠢᠯᠡᠳᠪᠦᠷᠢ ᠶᠢ ᠬᠦᠴᠦᠲᠡᠢ ᠳᠠᠶᠢᠴᠢᠯᠠᠪᠠ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 85.7% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 88.6% ᠳᠤ ᠬᠦᠷᠴᠡᠶ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 36.7% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃     ᠪᠦᠳᠦᠬᠡᠭᠳᠡᠬᠦᠨ ᠤ ᠭᠠᠷᠤᠯᠲᠠ ᠶᠢᠨ ᠬᠡᠮᠵᠢᠶ᠎ᠡ ᠨᠢ ᠨᠡᠮᠡᠭᠳᠡᠵᠦ᠂ ᠭᠤᠤᠯᠳᠠᠯᠭ᠎ᠠ ᠲᠠᠢ ᠦᠢᠯᠡᠳᠬᠦᠨ ᠤ ᠨᠡᠮᠡᠭᠳᠡᠯ ᠤᠨ ᠬᠠᠨᠳᠤᠰᠢ ᠰᠠᠶᠢᠨ ᠪᠠᠶᠢᠪᠠ᠃ 19 ᠶᠡᠭᠡ ᠠᠵᠢᠯ ᠲᠥᠷᠥᠯ ᠤᠨ ᠪᠦᠳᠦᠬᠡᠭᠳᠡᠬᠦᠨ ᠤ 13 ᠨᠢ ᠨᠡᠮᠡᠭᠳᠡᠵᠤ 6 ᠨᠢ ᠪᠠᠭᠤᠷᠠᠪᠠ᠂ ᠡᠭᠦᠨ ᠳᠤ ᠲᠦᠭᠦᠬᠡᠶ ᠨᠡᠭᠦᠷᠡᠰᠦ 2008.35 ᠲᠦᠮᠡᠨ ᠲᠤᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 110.8% ᠪᠠᠷ ᠨᠡᠮᠡᠭᠳᠡᠪᠡ︔ ᠨᠣᠣᠯᠣᠭᠤᠷ ᠬᠠᠨᠲᠠᠭᠠᠰᠤ 37.6 ᠲᠦᠮᠡᠨ ᠵᠠᠬ᠎ᠠ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 110.8% ᠪᠠᠷ ᠨᠡᠮᠡᠭᠳᠡᠪᠡ︔ ᠨᠤᠤᠯᠤᠷ ᠤᠲᠠᠰᠤ᠂ ᠨᠤᠤᠰᠤᠨ ᠰᠡᠮᠡᠳᠡᠰᠤ 200.15 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 147.1% ᠪᠠᠷ ᠨᠡᠮᠡᠭᠳᠡᠪᠡ︔ ᠮᠠᠰᠢᠨ ᠲᠡᠷᠭᠡ 13466 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 27.69 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 461 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 57.3% ᠪᠠᠷ ᠨᠡᠮᠡᠭᠳᠡᠪᠡ︔ ᠰᠢᠩᠭᠡᠨ ᠲᠠᠯᠠᠰᠲᠤ ᠳᠡᠯᠭᠡᠴᠡ 1812 ᠲᠦᠮᠡᠨ ᠬᠡᠰᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 118.6% ᠪᠠᠷ ᠨᠡᠮᠡᠭᠳᠡᠪᠡ︔ ᠬᠢᠲᠠᠳ ᠡᠮ 39.89 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 118.6%  ᠪᠠᠷ ᠨᠡᠮᠡᠭᠳᠡᠪᠡ︔ ᠲᠠᠸᠠᠷ ᠤᠨ ᠪᠧᠲ᠋ᠤᠨ 23039.5 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 152.5% ᠪᠠᠷ ᠨᠡᠮᠡᠭᠳᠡᠪᠡ︔ ᠴᠠᠬᠢᠯᠭᠠᠨ ᠤᠳᠠᠰᠤ 415.7 ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 154.5% ᠪᠠᠷ ᠨᠡᠮᠡᠭᠳᠡᠪᠡ︔ ᠠᠭᠤᠷᠬᠠᠢ ᠶᠢᠨ ᠲᠤᠰᠬᠠᠢ ᠬᠡᠷᠡᠭᠯᠡᠭᠡᠨ ᠤ ᠲᠥᠬᠦᠭᠡᠷᠦᠮᠵᠢ 606 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 288.5% ᠪᠠᠷ ᠨᠡᠮᠡᠭᠳᠡᠪᠡ︔ ᠺᠣᠮᠫᠢᠦ᠋ᠲ᠋ᠧᠷ 610 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 100.7 ᠳᠠᠬᠢᠨ ᠨᠡᠮᠡᠭᠳᠡᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ