2024 ᠣᠨ ᠤ ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠲᠡᠭᠦᠰᠪᠡ
ᠨᠡᠶᠢᠲᠡᠯᠡᠭᠰᠡᠨ ᠴᠠᠭ᠄
2024/3/25
    3 ᠰᠠᠷ᠎ᠠ ᠶᠢᠨ 24 ᠤ ᠡᠳᠦᠷ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠠᠴᠠ ᠳᠠᠭᠠᠭᠠᠴᠢᠯᠠᠨ ᠡᠷᠭᠢᠯᠡᠭᠰᠡᠨ ︽2024 ᠣᠨ ᠤ ᠣᠷᠳᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ︾ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠲᠡᠭᠦᠰᠪᠡ᠃ ᠲᠣᠰ ᠤᠳᠠᠭᠠᠨ ᠤ ᠤᠷᠤᠯᠳᠤᠭᠠᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠲᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠲᠤᠭᠤᠶᠢᠯᠠᠩ᠂ ᠪᠠᠭ᠎ᠠ ᠰᠤᠷᠭᠠᠭᠤᠯᠢ ᠶᠢᠨ ᠡᠷᠡᠭᠲᠡᠢ ᠶᠢᠨ ᠲᠤᠭᠤᠶᠢᠯᠠᠩ᠂ ᠪᠠᠭ᠎ᠠ ᠰᠤᠷᠭᠠᠭᠤᠯᠢ ᠶᠢᠨ ᠡᠮᠡᠭᠲᠡᠢ ᠶᠢᠨ ᠲᠤᠭᠤᠶᠢᠯᠠᠩ ᠵᠡᠷᠭᠡ ᠳᠥᠷᠪᠡᠨ ᠳᠤᠭᠤᠶᠢᠯᠠᠩ ᠭᠠᠷᠭᠠᠵᠤ᠂ ᠳ᠋ᠦᠩᠱᠧᠩ ᠲᠣᠭᠤᠷᠢᠭ ᠤᠨ ᠬᠢᠨ ᠭᠤᠷᠪᠡᠨ ᠲᠡᠷᠢᠬᠦᠨ ᠨᠢᠭᠡ ᠭᠤᠷᠪᠠᠳᠤᠭᠠᠷ ᠨᠡᠷᠡᠰ ᠤᠨ ᠣᠮᠣᠭᠰᠢᠯᠲᠠᠢ ᠦᠷ᠎ᠠ ᠪᠦᠳᠦᠮᠵᠢ ᠣᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ