2024 ᠣᠨ ᠤ 1 — 2 ᠰᠠᠷ᠎ᠠ ᠳᠤ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ      ︽ᠰᠠᠶᠢᠨ ᠡᠬᠢᠯᠡᠯᠲᠡ︾ ᠶᠢ ᠪᠡᠶᠡᠯᠡᠭᠦᠯᠵᠦ᠂ ᠬᠤᠶᠠᠷ ᠣᠷᠣᠨᠲᠤ ᠲᠤᠭᠠᠨ ᠤ ᠥᠨᠳᠥᠷ ᠨᠡᠮᠡᠭᠳᠡᠯ ᠲᠠᠢ ᠪᠣᠯᠪᠠ
ᠨᠡᠶᠢᠲᠡᠯᠡᠭᠰᠡᠨ ᠴᠠᠭ᠄
2024/3/25
    2024 ᠣᠨ ᠤ 1 — 2 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.7% ᠪᠠᠷ ᠨᠡᠮᠡᠭᠳᠡᠵᠦ᠂ ᠪᠥᠬᠦ ᠤᠯᠤᠰ ᠤᠨ ᠬᠢ ᠠᠴᠠ 22.7 ᠵᠠᠭᠤᠨ ᠤ ᠬᠤᠪᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 22.7 ᠵᠠᠭᠤᠨ ᠤ ᠬᠤᠪᠢ ᠥᠨᠳᠥᠷ ᠪᠣᠯᠵᠤ᠂ ᠪᠥᠬᠦ ᠬᠤᠲᠠ ᠶᠢᠨ ᠬᠢ ᠠᠴᠠ 23.4 ᠵᠠᠭᠤᠨ ᠤ ᠬᠤᠪᠢ ᠥᠨᠳᠥᠷ ᠪᠣᠯᠵᠤ᠂ ᠪᠥᠬᠦ ᠬᠤᠲᠠ  ᠳᠤ ᠳᠡᠷᠢᠬᠦᠯᠡᠪᠡ᠃     ᠭᠤᠷᠪᠠᠨ ᠶᠡᠭᠡ ᠲᠥᠷᠥᠯ ᠵᠤᠶᠢᠯ ᠢᠶᠠᠷ ᠬᠤᠪᠢᠶᠠᠪᠠᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 29.1% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 36.7% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ᠃     ᠠᠵᠢᠯ ᠲᠥᠷᠥᠯ ᠢᠶᠠᠷ ᠬᠤᠪᠢᠶᠠᠪᠠᠯ᠂ 20 ᠠᠵᠢᠯ ᠲᠥᠷᠥᠯ ᠤᠨ ᠳᠣᠲᠣᠷᠠᠬᠢ 17 ᠠᠵᠢᠯ ᠲᠥᠷᠥᠯ ᠤᠨ ᠨᠡᠮᠡᠭᠳᠡᠯ ᠥᠷᠲᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 85% ᠳᠤ ᠬᠦᠷᠪᠡ᠃ ᠡᠭᠦᠨ ᠳᠤ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.1% ᠪᠠᠷ ᠨᠡᠮᠡᠭᠳᠡᠪᠡ︔ ᠢᠳᠡᠭᠡᠨ ᠤ ᠵᠦᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 50.6% ᠪᠠᠷ ᠨᠡᠮᠡᠭᠳᠡᠪᠡ︔ ᠨᠡᠬᠡᠮᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30.2% ᠢᠶᠠᠷ ᠨᠡᠮᠡᠭᠳᠡᠪᠡ︔ ᠬᠤᠪᠴᠠᠰᠤ ᠵᠠᠰᠠᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 134.1% ᠪᠠᠷ ᠨᠡᠮᠡᠭᠳᠡᠪᠡ︔ ᠬᠡᠪᠯᠡᠯ ᠪᠠ ᠵᠠᠭᠤᠴᠢᠯᠠᠭᠤᠷ ᠤᠨ ᠳᠠᠬᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 37.4% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 174.5% ᠪᠠᠷ ᠨᠡᠮᠡᠭᠳᠡᠪᠡ︔ ᠭᠤᠮ ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 48.2% ᠢᠶᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 31.8% ᠪᠠᠷ ᠨᠡᠮᠡᠭᠳᠡᠪᠡ︔ ᠲᠡᠮᠦᠷᠯᠢᠭ ᠤᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 156.4% ᠪᠠᠷ ᠨᠡᠮᠡᠭᠳᠡᠪᠡ︔ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17.2% ᠢᠶᠠᠷ ᠨᠡᠮᠡᠭᠳᠡᠪᠡ︔ ᠴᠠᠬᠢᠯᠭᠠᠨ ᠤ ᠮᠠᠰᠢᠨ ᠪᠣᠯᠣᠨ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 495.2% ᠢᠶᠠᠷ ᠨᠡᠮᠡᠭᠳᠡᠪᠡ︔ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠣᠯᠣᠨ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 42.2% ᠢᠶᠠᠷ ᠨᠡᠮᠡᠭᠳᠡᠪᠡ︔ ᠲᠡᠮᠦᠷᠯᠢᠭ ᠦᠢᠯᠡᠳᠬᠦᠨ᠂ ᠮᠠᠰᠢᠨ ᠮᠧᠬᠠᠨᠢᠭ ᠪᠠ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 171.1% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 76% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.2% ᠢᠶᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ