ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ    ᠭᠤᠤ ᠢ ᠳ᠋ᠦᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/3/26
     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ     ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ     ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ     ᠳ᠋ᠦ᠋ ᠬᠤᠢ ᠯᠢᠶᠠᠩ ᠬᠤᠲᠠ ᠶᠢᠨ ᠳᠠᠷᠤᠭ᠎ᠠ ᠶᠢᠨ ᠳ᠋ᠦᠩᠱᠧᠩ ᠲᠣᠭᠤᠷᠢᠭ ᠲᠠᠬᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠬᠤᠢ ᠲᠠᠯᠠᠪᠠᠶ ᠳᠤ ᠠᠯᠪᠠᠯᠠᠬᠤ ᠵᠢᠴᠢ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ     ᠭᠤᠤ ᠢ ᠳ᠋ᠦᠩ ᠬᠤᠷᠠᠯ ᠢ ᠡᠷᠬᠢᠯᠡᠪᠡ     3 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠤᠨ ᠳ᠋ᠦᠩᠱᠧᠩ ᠲᠤᠭᠤᠷᠢᠭ ᠲᠠᠬᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠬᠤᠢ ᠲᠠᠯᠠᠪᠠᠶ ᠳᠤ ᠠᠯᠪᠠᠯᠠᠬᠤ ᠵᠢᠴᠢ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠨᠳᠦᠰᠦᠲᠡᠨ ᠤ ᠠᠵᠢᠯ᠂ ᠨᠠᠮ ᠤᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠪᠠ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠳᠤᠮᠳᠠ ᠬᠡᠰᠡᠭ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠶᠡᠭᠡ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠶᠢ ᠴᠠᠭ ᠢᠮᠠᠭᠲᠠ ᠪᠠᠲᠤᠯᠠᠵᠤ᠂ ᠨᠠᠮ ᠤᠨ ᠠᠭᠤᠤ ᠶᠡᠭᠡ ᠥᠪᠡᠷ ᠤᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ︾ ᠵᠣᠷᠢᠭ ᠰᠠᠨᠠᠭ᠎ᠠ ᠶᠢ ᠴᠠᠭ ᠢᠮᠠᠭᠲᠠ ᠪᠠᠷᠢᠮᠳᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠯᠭ᠎ᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠪᠦᠷᠢᠨ ᠪᠦᠲᠦᠨ ᠴᠢᠨᠠᠷ᠂ ᠲᠡᠷᠢᠭᠦᠨ ᠤ ᠴᠢᠨᠠᠷ᠂ ᠠᠮᠤᠷ ᠲᠦᠪᠰᠢᠨ ᠴᠢᠨᠠᠷ ᠪᠦᠬᠦᠢ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠪᠠᠶᠢᠭᠤᠯᠬᠤ ᠬᠡᠷᠡᠭᠲᠡᠢ︔ ᠺᠠᠳ᠋ᠷ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠳᠠᠯᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠲᠦᠷᠦ ᠶᠢᠨ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠳ᠋ᠦ᠋ ᠬᠤᠢ ᠯᠢᠶᠠᠩ ᠬᠤᠳᠠ ᠶᠢᠨ ᠳᠠᠷᠤᠭ᠎ᠠ ᠶᠢᠨ ᠳ᠋ᠦᠩᠱᠧᠩ ᠲᠤᠭᠤᠷᠢᠭ ᠲᠠᠬᠢ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠬᠤᠢ ᠳᠠᠯᠠᠪᠠᠢ ᠳᠤ ᠠᠯᠪᠠᠯᠠᠬᠤ ᠵᠢᠴᠢ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠠᠵᠤ ᠠᠬᠤᠶ ᠶᠢᠨ ᠠᠵᠢᠯᠯᠠᠭᠠᠨ ᠢ ᠪᠥᠬᠦ ᠬᠦᠴᠦᠨ ᠢᠶᠠᠷ ᠰᠠᠶᠢᠲᠤᠷ ᠠᠳᠬᠤᠨ᠂ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠬᠦᠯᠬᠦ ᠪᠠ ᠰᠡᠷᠭᠦᠭᠡᠬᠦ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠬᠡᠷᠡᠭᠯᠡᠭᠡ ᠶᠢᠨ ᠲᠠᠰ ᠳᠡᠪᠰᠢᠭᠦᠯᠬᠦ ᠠᠵᠢᠯᠯᠠᠭ᠎ᠠ ᠶᠢ ᠨᠠᠷᠢᠨ ᠬᠢᠨᠠᠮᠠᠭᠠᠶ ᠲᠥᠯᠥᠪᠯᠡᠨ ᠵᠣᠬᠢᠶᠠᠨ ᠪᠠᠶᠢᠭᠤᠯᠬᠤ ᠬᠡᠷᠡᠭᠲᠡᠶ᠃ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠂ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠪᠠ ᠤᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠵᠦ᠂ ᠢᠯᠴᠢ ᠬᠠᠩᠭᠠᠬᠤ ᠬᠤᠭᠤᠯᠠᠶ ᠲᠣᠤᠷ᠂ ᠢᠯᠴᠢ ᠰᠣᠯᠢᠯᠴᠠᠬᠤ ᠥᠷᠲᠡᠭᠡ᠂ ᠢᠯᠴᠢ ᠬᠠᠩᠭᠠᠬᠤ ᠰᠢᠰᠲ᠋ᠧᠮ ᠵᠡᠷᠭᠡ ᠶᠢ ᠪᠥᠬᠦ ᠲᠠᠯ᠎ᠠ ᠪᠠᠷ ᠥᠭᠡᠷᠡᠴᠢᠯᠡᠨ ᠳᠡᠭᠡᠭᠰᠢᠯᠡᠭᠦᠯᠵᠦ᠂ ᠢᠯᠴᠢ ᠬᠠᠩᠭᠠᠬᠤ ᠲᠥᠬᠦᠭᠡᠷᠦᠮᠵᠢ ᠶᠢᠨ ︽ᠡᠪᠦᠯ ᠤᠨ ᠡᠪᠡᠳᠴᠢᠨ ᠢ ᠵᠤᠨ ᠤ ᠤᠯᠠᠷᠢᠯ ᠳᠤ ᠵᠠᠰᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠭᠤᠴᠢᠨ ᠬᠤᠳᠠᠯᠳᠤᠭᠠᠨ ᠤ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ ᠪᠠ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠶᠢ ᠢᠳᠡᠪᠬᠢᠲᠡᠶ ᠠᠬᠢᠭᠤᠯᠬᠤ ᠬᠡᠷᠡᠭᠲᠡᠶ᠃ ᠬᠦᠨᠳᠦ ᠶᠡᠭᠡ ᠠᠶᠤᠯ ᠲᠦᠭᠰᠢᠭᠦᠷᠢ ᠶᠢ ᠦᠨᠡᠨ ᠬᠦ ᠰᠡᠷᠬᠡᠶᠢᠯᠡᠵᠤ᠂ ᠠᠶᠤᠯᠭᠦᠢ ᠦᠢᠯᠡᠳᠪᠦᠷᠢᠯᠡᠯ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠠᠳᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠦᠨᠳᠦᠰᠦᠲᠡᠨ ᠤ ᠠᠵᠢᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠴᠣᠭᠴᠠᠯᠠᠬᠤ ᠭᠤᠣᠯ ᠱᠤᠭᠤᠮ ᠢ ᠲᠤᠤᠱᠯᠠᠭᠤᠯᠤᠭᠰᠠᠨ ᠪᠠᠶᠢᠳᠠᠯ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠭᠤᠣᠯ ᠬᠦᠭ ᠠᠶᠠᠰ ᠢ ᠡᠵᠡᠮᠳᠡᠨ᠂ ᠵᠥᠪ ᠦᠵᠡᠯ ᠰᠠᠨᠠᠭᠠᠨ ᠤ ᠤᠳᠤᠷᠢᠳᠤᠮᠵᠢ ᠶᠢ ᠪᠤᠢ ᠪᠣᠯᠭᠠᠵᠤ᠂ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠠᠶᠢᠲᠤᠷ ᠬᠢᠵᠦ᠂ ᠭᠤᠣᠯ ᠱᠤᠭᠤᠮ ᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠳᠤ ᠪᠣᠳᠠᠲᠠᠢ ᠭᠦᠨᠵᠡᠭᠡᠢ ᠲᠤᠤᠱᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ 2024 ᠣᠨ ᠤ ᠡᠭᠦᠷᠭᠡ ᠶᠢᠨ ᠲᠣᠬᠢᠷᠠᠭᠤᠯᠤᠯᠲᠠ ᠵᠢᠴᠢ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠤᠯᠳᠠᠯᠭ᠎ᠠ︾  ᠶᠢ ᠰᠤᠳᠤᠯᠤᠨ ᠬᠢᠨᠠᠨ ᠵᠥᠪᠯᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                                
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ