ᠭᠤᠤ ᠢ ᠳ᠋ᠦᠩ ᠬᠥᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠰ ᠤᠨ ᠬᠦᠷᠢᠶᠡᠯᠡᠩ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 27 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠩᠭᠡᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠠᠬᠤᠢ ᠳᠠᠯᠠᠪᠠᠢ ᠳᠤ ᠪᠠᠶᠢᠴᠠᠭᠠᠨ ᠰᠤᠳᠤᠯᠪᠠ᠃
001.png
     ᠬᠥᠩᠭᠡᠨ ᠨᠡᠬᠡᠮᠡᠯ ᠤᠨ ᠠᠵᠤ ᠦᠢᠯᠡᠰ ᠤᠨ ᠬᠦᠷᠢᠶᠡᠯᠡᠩ ᠤᠨ ᠠᠷᠢᠬᠢᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠬᠤ ᠥᠷᠲᠡᠭᠡᠨ ᠳᠤ᠂ ᠭᠤᠤ ᠢ ᠳ᠋ᠦᠩ ᠭᠠᠯ ᠤᠨᠲᠠᠷᠠᠭᠠᠬᠤ ᠥᠷᠲᠡᠭᠡᠨ ᠤ ᠡᠯ᠎ᠡ ᠴᠢᠳᠠᠮᠵᠢᠲᠤ ᠲᠤᠭᠤᠷᠢᠭ ᠤᠨ ᠲᠠᠷᠬᠠᠯᠲᠠ ᠶᠢᠨ ᠪᠠᠶᠢᠳᠠᠯ ᠢ ᠠᠬᠤᠢ ᠳᠠᠯᠠᠪᠠᠢ ᠳᠤ ᠪᠠᠶᠢᠴᠠᠭᠠᠨ ᠦᠵᠡᠪᠡ᠃ ᠲᠡᠷᠡ᠂ ᠭᠠᠯ ᠤᠨᠲᠠᠷᠠᠭᠠᠬᠤ ᠦᠷᠳᠡᠭᠡ ᠶᠢᠨ ᠪᠦᠳᠦᠭᠡᠨ ᠪᠠᠶᠢᠭᠤᠯᠤᠯᠲᠠ ᠪᠣᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠤᠨ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠳᠠᠲᠤ ᠪᠠᠶᠢᠳᠠᠯ ᠪᠣᠯᠤᠨ ᠦᠨᠳᠦᠰᠦᠨ ᠠᠵᠢᠯᠯᠠᠭᠠᠨ ᠤ ᠬᠡᠷᠡᠭᠴᠡᠭᠡ ᠲᠠᠢ ᠤᠶᠠᠯᠳᠤᠭᠤᠯᠤᠨ᠂ ᠲᠥᠬᠦᠭᠡᠷᠦᠮᠵᠢ ᠬᠤᠳᠠᠯᠳᠤᠨ ᠠᠪᠬᠤ ᠪᠠ ᠠᠵᠢᠯᠲᠠᠨ ᠡᠯᠰᠡᠬᠦ ᠠᠵᠢᠯ ᠢ ᠲᠦᠷᠭᠡᠪᠴᠢᠯᠡᠨ ᠠᠬᠢᠭᠤᠯᠵᠤ᠂ ᠭᠠᠯ ᠤᠨᠲᠠᠷᠠᠭᠠᠬᠤ ᠦᠷᠳᠡᠭᠡ ᠶᠢᠨ ᠲᠦᠷᠭᠡᠨ ᠠᠰᠢᠭᠯᠠᠯᠲᠠ ᠳᠤ ᠣᠷᠣᠬᠤ ᠶᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ ᠭᠡᠪᠡ᠃     ᠡᠷᠡᠭᠦᠯ ᠮᠡᠨᠳᠦ ᠶᠢᠨ ᠢᠳᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠳᠤ᠂ ᠭᠤᠸ ᠢ ᠳ᠋ᠦᠩ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠡᠵᠡᠩᠨᠡᠯᠳᠡ ᠬᠢᠬᠦ ᠪᠠᠷ ᠲᠥᠯᠥᠪᠯᠡᠵᠦ ᠪᠠᠶᠢᠭ᠎ᠠ ᠪᠠᠶᠢᠳᠠᠯ ᠢ ᠰᠣᠨᠣᠰᠪᠠ᠃ ᠲᠡᠷᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠦᠯᠦᠪᠯᠡᠨ᠂ ᠴᠢᠨᠠᠷ ᠰᠠᠶᠢᠲᠠᠢ ᠠᠬᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠤᠨ ᠳᠡᠭᠡᠳᠦ ᠲᠡᠰ ᠤᠨ ᠲᠦᠷᠦᠯ ᠳᠡᠮᠳᠡᠭᠳᠤ ᠶᠢ ᠪᠣᠶᠢᠵᠢᠭᠤᠯᠵᠤ᠂ ᠡᠷᠡᠭᠦᠯ ᠮᠡᠨᠳᠦ ᠶᠢᠨ ᠢᠳᠡᠭᠡᠨ ᠤ ︽ᠦᠢᠯᠡᠳᠪᠦᠷᠢᠯᠡᠬᠦ᠂ ᠬᠤᠳᠠᠯᠳᠤᠨ ᠠᠪᠬᠤ᠂ ᠬᠠᠳᠠᠭᠠᠯᠠᠬᠤ᠂ ᠪᠤᠯᠪᠠᠰᠤᠷᠠᠭᠤᠯᠬᠤ᠂ ᠪᠣᠷᠣᠯᠠᠭᠤᠯᠬᠤ︾ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠵᠠᠭᠪᠤᠷ ᠢ ᠡᠭᠦᠳᠴᠦ᠂ ᠡᠷᠡᠭᠦᠯ ᠮᠡᠨᠳᠦ ᠶᠢᠨ ᠢᠳᠡᠭᠡᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠪᠡᠶᠡᠯᠡᠭᠦᠯᠬᠦ ᠬᠡᠷᠡᠭᠲᠡᠢ ᠴᠢᠬᠤᠯᠠᠴᠢᠯᠠᠪᠠ᠃
002.png
     ᠣᠷᠳᠣᠰ ᠤᠨ ᠨᠤᠤᠯᠤᠭᠤᠷ ᠤᠨ ᠨᠡᠬᠡᠮᠡᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠳᠤ᠂ ᠭᠤᠤ ᠢ ᠳ᠋ᠦᠩ ᠲᠦᠷᠦᠯ ᠵᠦᠢᠯ ᠢ ᠡᠵᠡᠩᠨᠡᠬᠦ ᠭᠠᠵᠠᠷ ᠤᠨ ᠤᠰᠤ᠂ ᠴᠠᠬᠢᠯᠭᠠᠨ᠂ ᠳᠤᠯᠠᠭᠠᠯᠠᠭ᠎ᠠ ᠵᠡᠷᠭᠡ ᠪᠠᠲᠤᠯᠠᠭ᠎ᠠ ᠶᠢᠨ ᠠᠵᠢᠯ ᠢ ᠨᠠᠷᠢᠨ ᠣᠶᠢᠯᠠᠭᠠᠪᠠ᠃ ᠲᠡᠷᠡ᠂ ᠲᠤᠯᠤᠭᠠᠶᠢᠯᠠᠭᠴᠢ ᠠᠵᠤ ᠠᠬᠤᠶᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠬᠦᠯᠦᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠨᠤᠤᠯᠤᠭᠤᠷ ᠤᠨ ᠨᠡᠬᠡᠮᠡᠯ ᠤᠨ ᠰᠢᠯᠢᠳᠡᠭ ᠠᠵᠤ ᠠᠬᠤᠶᠢᠯᠠᠯ ᠤᠨ ᠰᠦᠷᠦᠭᠵᠢᠯ ᠤᠨ ᠬᠥᠭᠵᠢᠯᠲᠡ ᠶᠢ ᠪᠡᠶᠡᠯᠡᠬᠦᠯᠦᠨ᠂ ᠣᠷᠳᠣᠰ ᠤᠨ ᠨᠤᠤᠯᠤᠭᠤᠷ ᠤᠨ ᠨᠡᠬᠡᠮᠡᠯ ᠤᠨ ᠠᠵᠤ ᠦᠢᠯᠡᠰ ᠤᠨ ᠰᠢᠨ᠎ᠡ ᠥᠨᠳᠦᠷᠯᠢᠭ ᠢ ᠪᠦᠬᠦ ᠬᠦᠴᠦᠨ ᠢᠶᠠᠷ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃      ᠲᠣᠭᠠᠴᠢᠯᠠᠭᠰᠠᠨ ᠠᠵᠤ ᠠᠬᠤᠢ ᠶᠢᠨ ᠨᠡᠪᠴᠢᠭᠦᠯᠦᠯᠲᠡ ᠶᠢᠨ ᠪᠡᠶᠡᠴᠢᠯᠡᠨ ᠣᠶᠢᠯᠠᠭᠠᠬᠤ ᠲᠥᠪ ᠲᠤ᠂ ᠭᠤᠤ ᠢ ᠳ᠋ᠦᠩ ᠲᠣᠭᠠᠴᠢᠯᠠᠭᠰᠠᠨ ᠠᠵᠤ ᠠᠬᠤᠢ ᠶᠢᠨ ᠦᠵᠡᠭᠦᠯᠦᠯᠭᠡ ᠪᠠ ᠪᠡᠶᠡᠴᠢᠯᠡᠨ ᠣᠶᠢᠯᠠᠭᠠᠬᠤ᠂ ᠡᠯᠧᠺᠲᠷᠤᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠ ᠨᠡᠪᠴᠢᠭᠦᠯᠦᠯᠲᠡ ᠵᠡᠷᠭᠡ ᠴᠢᠳᠠᠪᠬᠢ ᠶᠢᠨ ᠣᠷᠣᠨ ᠪᠦᠰᠡ ᠶᠢ ᠣᠶᠢᠯᠠᠭᠠᠵᠤ᠂ ᠪᠡᠶᠡᠴᠢᠯᠡᠨ ᠤᠶᠢᠯᠠᠭᠠᠬᠤ ᠲᠥᠪ ᠤᠨ ᠡᠵᠡᠩᠨᠡᠯᠲᠡ ᠶᠢᠨ ᠪᠠᠶᠢᠳᠠᠯ ᠢ ᠨᠤᠲᠠᠯᠠᠪᠠ᠃ ᠲᠡᠷᠡ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠠᠴᠢᠯᠠᠭᠰᠠᠨ ᠠᠵᠤ ᠠᠬᠤᠢ ᠪᠣᠯᠣᠨ ᠲᠠᠪᠴᠠᠩ ᠤᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠠᠵᠤ ᠦᠢᠯᠡᠰ ᠤᠨ ᠠᠮᠢ ᠠᠬᠤᠢ ᠶᠢ ᠰᠢᠯᠢᠳᠡᠭᠵᠢᠬᠦᠯᠦᠨ᠂ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠪᠠ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠡᠵᠡᠩᠨᠡᠯᠲᠡ ᠶᠢᠨ ᠦᠷ᠎ᠡ ᠪᠦᠲᠦᠮᠵᠢ ᠶᠢ ᠴᠢᠬᠤᠯᠠᠴᠢᠯᠠᠨ᠂ ᠪᠣᠳᠠᠲᠠᠢ ᠳᠤ ᠰᠠᠭᠤᠷᠢᠯᠠᠵᠤ᠂ ᠣᠷᠣᠨ ᠨᠤᠲᠤᠭ ᠤᠨ ᠨᠡᠷᠡᠳᠦ ᠰᠢᠯᠢᠳᠡᠭ ᠦᠢᠯᠡᠳᠬᠦᠨ ᠵᠢᠴᠢ ᠰᠣᠶᠣᠯ ᠵᠤᠭᠠᠴᠠᠯ ᠤᠨ ᠲᠦᠷᠦᠯ ᠳᠡᠮᠳᠡᠭᠳᠤ ᠶᠢ ᠶᠡᠬᠡᠪᠡᠷ ᠳᠡᠯᠭᠡᠷᠡᠭᠦᠯᠵᠦ᠂ ᠲᠡᠷᠢᠭᠦᠨ ᠤ ᠲᠣᠭᠠᠴᠢᠯᠠᠭᠰᠠᠨ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ᠂ ᠪᠣᠳᠠᠲᠤ ᠴᠣᠭᠴᠠ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ︽ᠲᠣᠭᠠᠴᠢᠯᠠᠭᠰᠠᠨ + ᠠᠵᠤ ᠦᠢᠯᠡᠰ︾ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠳᠡ ᠦᠭᠡᠢ ᠪᠣᠶᠢᠵᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ