ᠬᠠᠨ ᠲᠤᠤ ᠥᠭᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠬᠤᠢ ᠲᠠᠯᠠᠪᠠᠢ ᠳᠤ ᠠᠯᠪᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠥᠭᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠪᠠᠶᠠᠨᠮᠦ᠋ᠩᠬᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠬᠤᠢ ᠳᠠᠯᠠᠪᠠᠢ ᠳᠤ ᠠᠯᠪᠠᠯᠠᠬᠤ ᠠᠵᠢᠯᠯᠠᠭ᠎ᠠ ᠦᠷᠨᠢᠬᠦᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠤᠰᠤ ᠬᠠᠩᠭᠠᠬᠤ ᠪᠠᠲᠤᠯᠠᠭ᠎ᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠠᠯ ᠢ ᠰᠡᠷᠬᠡᠶᠢᠯᠡᠬᠦ ᠠᠮᠤᠷ ᠲᠦᠪᠰᠢᠨ᠂ ᠰᠠᠭᠤᠭᠠᠯᠢ ᠲᠣᠭᠤᠷᠢᠭ ᠤᠨ ᠠᠰᠠᠭᠤᠳᠠᠯ ᠢ ᠴᠡᠭᠴᠡᠯᠡᠨ ᠵᠠᠰᠠᠬᠤ ᠪᠠ ᠣᠶᠤᠨᠴᠢᠯᠠᠭᠰᠠᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠤᠶᠢᠯᠠᠭᠠᠨ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠠᠬᠤᠢ ᠳᠠᠯᠠᠪᠠᠢ ᠳᠤ ᠰᠤᠳᠤᠯᠤᠨ ᠰᠢᠢᠳᠪᠦᠷᠢᠯᠡᠪᠡ᠃     ᠬᠠᠨ ᠲᠣᠣ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠪᠣᠯᠤᠨ ᠨᠢᠭᠲᠠᠷᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠤᠨ ᠬᠦᠴᠦᠨ ᠢ ᠦᠨᠳᠦᠰᠦᠨ ᠱᠠᠳᠤ ᠲᠡᠰᠢ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ᠃ ᠲᠣᠣᠷᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠬᠦᠭᠵᠢᠬᠡᠨ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠠᠶᠢᠵᠢᠷᠠᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠠᠯ᠎ᠠ ᠶᠢᠨ ᠬᠦᠴᠦᠨ ᠢ ᠨᠢᠭᠡᠳᠦᠯᠲᠡᠶ ᠲᠦᠯᠦᠪᠯᠡᠵᠤ᠂ ᠰᠠᠭᠤᠭᠠᠯᠢ ᠠᠷᠠᠳ ᠤᠨ ᠰᠠᠨᠠᠯ ᠢ ᠥᠷᠭᠡᠨ ᠢᠶᠠᠷ ᠰᠤᠨᠤᠰᠤᠨ᠂ ᠵᠢᠷᠤᠮᠵᠢᠯ ᠲᠠᠢ ᠡᠮᠬᠢ ᠵᠢᠷᠤᠮ ᠲᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠭᠴᠡᠯᠡᠨ ᠵᠠᠰᠠᠬᠤ ᠡᠭᠦᠷᠭᠡ ᠶᠢ ᠠᠮᠤᠷ ᠲᠦᠪᠰᠢᠨ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤ ᠶᠢᠨ ᠤᠷᠳᠤ ᠬᠤᠭᠤᠴᠠᠭᠠᠨ ᠤ ᠪᠦᠳᠦᠮᠵᠢᠳᠠᠢ ᠪᠠᠷ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠪᠣᠯᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠳᠦᠪᠯᠡᠷᠡᠬᠦᠯᠦᠨ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠳᠤᠷ᠎ᠠ ᠪᠠᠷ ᠪᠤᠰᠬᠠᠨ ᠪᠠᠶᠢᠭᠤᠯᠬᠤ᠂ ᠳᠤᠷ᠎ᠠ ᠪᠠᠷ ᠵᠤᠭᠰᠤᠭᠠᠨ᠂ ᠳᠤᠷ᠎ᠠ ᠪᠠᠷ ᠲᠠᠯᠪᠢᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠵᠡᠷᠭᠡ ᠠᠷᠭ᠎ᠠ ᠵᠠᠮ ᠢᠶᠠᠷ ᠤᠯᠠᠨ ᠲᠦᠮᠡᠨ ᠤ ᠲᠤᠰᠬᠠᠭᠰᠠᠨ ᠠᠰᠠᠭᠤᠳᠠᠯ ᠪᠣᠯᠤᠨ ᠬᠦᠰᠡᠯ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠵᠦ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠤᠯᠠᠭᠠᠯᠠᠭ᠎ᠠ᠂ ᠤᠰᠤ᠂ ᠴᠠᠬᠢᠯᠭᠠᠨ᠂ ᠬᠡᠢ ᠬᠠᠩᠭᠠᠬᠤ ︽ᠲᠦᠷᠪᠡᠨ ᠪᠠᠲᠤᠯᠠᠭ᠎ᠠ︾ ᠶᠢᠨ ᠠᠵᠢᠯ ᠢ ᠰᠠᠶᠢᠳᠤᠷ ᠬᠢᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠪᠦᠬᠦ ᠬᠦᠴᠦᠨ ᠢᠶᠠᠷ ᠳᠡᠭᠡᠭᠰᠢᠯᠡᠭᠦᠯᠬᠦ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠯ ᠤᠨ ᠠᠶᠤᠯ ᠢ ᠰᠡᠷᠬᠡᠶᠢᠯᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠰᠠᠷ ᠲᠤ ᠭᠠᠷᠭᠠᠬᠤ᠂ ᠴᠠᠬᠢᠯᠭᠠᠨ ᠤᠲᠠᠰᠤ ᠳᠠᠳᠠᠵᠤ ᠴᠡᠨᠡᠭᠯᠡᠬᠦ᠂ ᠠᠰᠠᠷ ᠤᠨ ᠬᠤᠩᠭᠢᠯ ᠳᠤ ᠡᠯᠳᠡᠪ ᠪᠣᠳᠠᠰ ᠣᠪᠣᠭᠠᠯᠠᠬᠤ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ ᠤᠯᠠᠨ ᠲᠦᠮᠡᠨᠴᠢ ᠱᠤᠭᠤᠮ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠤᠯᠠᠨ ᠲᠦᠮᠡᠨ ᠤ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠡᠰᠢᠴᠢᠯᠡᠨ ᠰᠢᠢᠳᠪᠦᠷᠢᠯᠡᠬᠦ ᠶᠢ ᠪᠦᠬᠦ ᠬᠦᠴᠦᠨ ᠢᠶᠠᠷ ᠠᠬᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠸᠠᠩ ᠱᠧᠩ ᠷᠦᠩ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ