ᠳ᠋ᠦᠩᠱᠧᠩ ᠵᠠᠰᠠᠭ ᠠᠯᠪᠠᠨ ᠲᠠᠷᠬᠠᠭᠠᠭᠰᠠᠨ ︹2024︺ 7 ᠳ᠋ᠤᠭᠠᠷ ᠲᠣᠭᠠᠲᠤ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠰᠢᠭᠤᠳ ᠬᠠᠷᠢᠶ᠎ᠠ ᠵᠣᠬᠢᠴᠠᠭᠤᠯᠤᠨ | ᠬᠠᠮᠢᠶᠠᠷᠬᠤ ᠰᠠᠯᠠᠭ᠎ᠠ ᠮᠥᠴᠢᠷ ᠲᠤ᠄ | ᠡᠳᠦᠭᠡ ︽ᠳ᠋ᠦᠩᠱᠧᠩ ᠲᠣᠭᠤᠷᠢᠭ ᠤᠨ ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ | ᠪᠠᠶᠢᠭᠤᠯᠤᠯᠳᠠ ᠶᠢᠨ ᠬᠡᠷᠡᠭᠵᠢᠬᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠭᠠᠷᠠᠢ᠃ | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 2 ᠳ᠋ᠤᠭᠠᠷ ᠰᠠᠷ᠎ᠠ ᠶᠢᠨ 25 ᠤ ᠡᠳᠦᠷ | | | ᠳ᠋ᠦᠩᠱᠧᠩ ᠲᠣᠭᠤᠷᠢᠭ ᠤᠨ ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠪᠦᠲᠦᠭᠡᠨ ᠪᠠᠶᠢᠭᠤᠯᠤᠯᠳᠠ ᠶᠢᠨ ᠬᠡᠷᠡᠭᠵᠢᠭᠦᠯᠬᠦ ᠲᠥᠰᠦᠯ ︵ᠲᠣᠷᠰᠢᠨ ᠬᠡᠷᠡᠭᠵᠢᠭᠦᠯᠬᠦ︶ | | ᠪᠥᠬᠦ ᠳᠤᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ︽ᠡᠷᠡᠭᠦᠯ ᠮᠡᠨᠳᠦ ᠳ᠋ᠦᠩᠱᠧᠩ︾ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠣᠯᠠᠨ ᠲᠦᠮᠡᠨ ᠳᠤ | ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ᠂ ᠳᠥᠭᠦᠮ ᠳᠥᠲᠡ ᠪᠥᠭᠡᠳ ᠲᠦᠷᠭᠡᠨ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ | ᠬᠠᠩᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠢ ᠭᠤᠯᠳᠤ ᠴᠢᠭᠯᠡᠯ ᠢᠶᠠᠷ ᠡᠮᠬᠢᠯᠡᠨ ᠨᠡᠶᠢᠯᠡᠭᠦᠯᠬᠦ᠂ ᠠᠵᠢᠯ ᠢᠶᠠᠨ | ᠬᠤᠪᠢᠶᠠᠷᠢᠯᠠᠨ ᠬᠠᠮᠵᠢᠯᠴᠠᠬᠤ ᠶᠢ ᠪᠡᠶᠡᠯᠡᠭᠦᠯᠦᠨ᠂ ︽ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠱᠠᠲᠤ | ᠬᠤᠪᠢᠶᠠᠨ ᠡᠮᠴᠢᠯᠡᠬᠦ︾ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠲᠦᠷᠭᠡᠪᠴᠢᠯᠡᠨ ᠪᠤᠢ ᠪᠤᠯᠭᠠᠬᠤ ᠶᠢᠨ ᠲᠦᠯᠦᠬᠡ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠣᠪᠴᠢᠶ᠎ᠠ ᠬᠠᠮᠲᠤᠷᠠᠨ ᠳᠠᠷᠤᠮᠠᠯᠯᠠᠮ ᠳᠠᠷᠬᠠᠭᠠᠭᠰᠠᠨ ︽ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠡᠮᠨᠡᠯᠭᠡ ᠵᠠᠰᠠᠭ ᠵᠠᠬᠢᠳᠠᠯ ﹇ | 2023﹈ 27 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ | ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠥᠪᠥᠷ ᠡᠷᠡᠭᠦᠯ ᠬᠠᠮᠠᠭᠠᠯᠠᠯ ᠡᠮᠴᠢᠯᠡᠭᠡ ᠲᠠᠷᠬᠠᠭᠠᠭᠰᠠᠨ ﹇2023﹈ 23 ᠳ᠋ᠤᠭᠠᠷ ᠲᠣᠭᠠᠲᠤ︶᠂ ︽ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠷᠪᠠᠨ ᠲᠦᠷᠪᠡᠳᠤᠬᠡᠷ ᠳᠠᠪᠤᠨ ᠵᠢᠯ ᠤᠨ ᠲᠦᠯᠦᠪᠵᠢᠬᠦᠯᠬᠡ ᠶᠢ ᠳᠠᠷᠤᠮᠠᠯᠯᠠᠨ ᠳᠠᠷᠬᠠᠭᠠᠬᠤ ᠳᠤᠬᠠᠢ ᠤᠷᠳᠤᠰ ᠬᠤᠳᠠ ᠶᠢᠨ | ᠠᠷᠠᠳ ᠤᠨ ᠵᠠᠰᠠᠭ ᠤᠨ ᠤᠷᠳᠤᠨ ᠤ ᠮᠡᠳᠡᠭᠳᠡᠯ︾ ︵ᠤᠷᠳᠤᠰ ᠳᠠᠷᠬᠠᠭᠠᠭᠰᠠᠨ ﹇2017﹈ 215 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠨᠢᠭᠲᠠ | ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠤᠨ ᠲᠥᠰᠦᠯ ᠢ | ᠳᠠᠷᠤᠮᠠᠯᠯᠠᠨ ᠳᠠᠷᠬᠠᠭᠠᠬᠤ ᠲᠤᠬᠠᠶ ᠣᠷᠳᠣᠰ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾ ︵ᠤᠷᠳᠤᠰ ᠡᠷᠡᠬᠦᠯ ᠬᠠᠮᠠᠭᠠᠯᠠᠯ | ᠡᠮᠴᠢᠯᠡᠭᠡ ᠳᠠᠷᠬᠠᠭᠠᠭᠰᠠᠨ ﹇2023﹈ 299 ᠳ᠋ᠤᠭᠠᠷ ᠲᠣᠭᠠᠲᠤ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠳᠤᠭᠤᠷᠢᠭ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠭᠦᠳᠡ ᠬᠤᠷᠠᠯ ᠵᠢᠴᠢ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠡᠷᠡᠭᠦᠯ ᠬᠠᠮᠠᠭᠠᠯᠠᠯ᠂ ᠡᠷᠡᠭᠦᠯ | ᠮᠡᠨᠳᠦ︾ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ︽ᠡᠷᠡᠭᠦᠯ ᠡᠩᠬᠡ ᠳ᠋ᠦᠩᠱᠧᠩ︾ ᠢ ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠣᠯᠭᠠᠵᠤ᠂ ︽ | ᠡᠮᠴᠢᠯᠡᠭᠡ ᠡᠮ ᠡᠮᠨᠡᠯᠬᠡ ᠶᠢᠨ ᠳᠠᠭᠠᠳᠬᠠᠯ ᠡᠮ ᠡᠮᠨᠡᠯᠬᠡ ᠬᠤᠯᠪᠤᠭᠠᠯᠠᠨ ᠬᠦᠳᠡᠯᠦᠯᠴᠡᠬᠦ︾ ᠦᠬᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠨᠢᠭᠲᠠ ᠬᠠᠮᠵᠢᠯᠴᠠᠭᠠᠨ | ᠤ ᠬᠡᠯᠪᠡᠷᠢ ᠶᠢᠨ ᠬᠤᠲᠠ ᠶᠢᠨ ᠡᠮᠴᠢᠯᠡᠬᠡᠨ ᠤ ᠪᠦᠯᠦᠭᠯᠡᠯ ︵ᠳᠣᠷᠣᠭᠰᠢ ︽ᠡᠮᠴᠢᠯᠡᠬᠡᠨ ᠤ ᠪᠦᠯᠦᠭᠯᠡᠯ︾ ᠭᠡᠵᠦ ᠲᠣᠪᠴᠢᠯᠠᠨ᠎ᠠ︶ ᠤᠨ ᠬᠠᠮᠢᠶᠠᠷᠤᠯᠲᠠ ᠶᠢᠨ ᠪᠠᠶᠢᠭᠤᠯᠤᠯ | ᠪᠠ ᠠᠵᠢᠯᠯᠠᠭᠠᠨ ᠤ ᠲᠣᠭᠲᠠᠴᠠ ᠶᠢ ᠪᠦᠬᠦ ᠲᠠᠯ᠎ᠠ ᠪᠠᠷ ᠥᠭᠡᠷᠡᠴᠢᠯᠡᠨ ᠲᠡᠭᠦᠯᠳᠡᠷᠵᠢᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ᠂ ᠵᠠᠰᠠᠭ ᠪᠠ ᠠᠵᠢᠯ ᠦᠢᠯᠡᠰ ᠢ | ᠰᠠᠯᠭᠠᠬᠤ ᠶᠢ ᠳᠣᠪᠤᠶᠢᠯᠭᠠᠵᠤ᠂ ᠦᠢᠯᠡᠴᠢᠯᠡᠭᠡᠨ ᠤ ᠬᠠᠮᠲᠤ ᠶᠢᠨ ᠴᠣᠭᠴᠠ᠂ ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ᠂ ᠠᠰᠢᠭ ᠲᠤᠰᠠ ᠶᠢᠨ ᠬᠠᠮᠲᠤ ᠶᠢᠨ | ᠴᠣᠭᠴᠠ᠂ ᠬᠠᠮᠢᠶᠠᠷᠤᠯᠲᠠ ᠶᠢᠨ ᠬᠠᠮᠲᠤ ᠶᠢᠨ ᠴᠤᠭᠴᠠ ᠶᠢ ᠪᠠᠶᠢᠭᠤᠯᠵᠤ᠂ ᠳᠤᠭᠤᠷᠢᠭ ᠤᠨ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠪᠦᠬᠦ ᠳᠤᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠳᠠᠬᠢ ᠲᠣᠯᠣᠭᠠᠶᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠠᠮᠲᠤᠪᠠᠷ | ᠬᠥᠭᠵᠢᠬᠦ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠡᠪᠡᠳᠴᠢᠨ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠠᠷᠠᠳ ᠲᠦᠮᠡᠨ ᠤ | ᠡᠷᠡᠭᠦᠯ ᠮᠡᠨᠳᠦ ᠪᠠᠷ ᠭᠤᠣᠯ ᠪᠣᠯᠭᠠᠬᠤ ᠳᠠᠰᠢ ᠬᠤᠪᠢᠷᠠᠭᠤᠯᠬᠤ ᠶᠢ ᠠᠬᠢᠭᠤᠯᠵᠤ᠂ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ ᠶᠢ ᠨᠢᠭᠡ | ᠴᠣᠭᠴᠠᠵᠢᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠪᠥᠬᠦ ᠳᠤᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ | ᠡᠷᠡᠭᠦᠯ ᠮᠡᠨᠳᠦ ᠶᠢᠨ ᠪᠠᠲᠤᠯᠠᠭ᠎ᠠ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | — ᠬᠦᠮᠦᠨ ᠢᠶᠠᠷ ᠦᠨᠳᠦᠰᠦ ᠪᠣᠯᠭᠠᠬᠤ᠂ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠨ᠎ᠠ᠃ ᠡᠷᠡᠭᠦᠯ ᠬᠠᠮᠠᠭᠠᠯᠠᠯ᠂ ᠡᠷᠡᠭᠦᠯ ᠮᠡᠨᠳᠤ ᠶᠢᠨ | ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠪᠠᠳᠤᠯᠠᠬᠤ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ ᠬᠦᠴᠦᠯᠡᠨ ᠰᠠᠶᠢᠲᠤᠷ | ᠡᠷᠬᠢᠯᠡᠵᠦ᠂ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠬᠡᠭᠰᠢᠯᠡᠬᠦᠯᠦᠨ᠎ᠡ᠃ | — ᠭᠤᠣᠯᠳᠠᠯᠭ᠎ᠠ ᠶᠢ ᠳᠣᠷᠣᠭᠰᠢ ᠪᠠᠭᠤᠯᠭᠠᠬᠤ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠨ᠎ᠠ᠃ ᠦᠨᠳᠦᠰᠦᠨ ᠱᠠᠲᠤ ᠪᠠᠷ ᠭᠤᠤᠯᠳᠠᠯᠭ᠎ᠠ | ᠪᠣᠯᠭᠠᠨ᠂ ᠡᠮᠴᠢᠯᠡᠭᠡ ᠪᠠ ᠰᠡᠷᠭᠡᠶᠢᠯᠡᠯᠲᠡ ᠶᠢ ᠤᠶᠠᠯᠳᠤᠭᠤᠯᠵᠤ᠂ ᠬᠤᠲᠠ ᠬᠥᠳᠡᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠨ ᠪᠠᠶᠢᠷᠢᠰᠢᠭᠤᠯᠵᠤ᠂ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠡᠮᠨᠡᠨ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠡᠷᠡᠭᠦᠯ ᠮᠡᠨᠳᠦ ᠪᠠᠷ | ᠭᠤᠣᠯ ᠪᠣᠯᠭᠠᠬᠤ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ | — ᠲᠣᠭᠤᠷᠢᠭ ᠪᠠᠯᠭᠠᠰᠤ ᠲᠣᠰᠬᠤᠨ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠪᠠᠷᠢᠮᠳᠠᠯᠠᠨ᠎ᠠ᠃ ᠣᠷᠣᠨ ᠪᠦᠰᠡ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠤᠨ ᠵᠣᠬᠢᠶᠠᠨ ᠪᠠᠶᠢᠭᠤᠯᠬᠤ ᠬᠡᠯᠪᠡᠷᠢ ᠪᠠ ᠬᠠᠩᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠶᠢᠨ ᠬᠠᠮᠢᠶᠠᠷᠤᠯᠲᠠ᠂ ᠨᠢᠭᠡ ᠴᠣᠭᠴᠠᠵᠢᠭᠤᠯᠤᠨ ᠡᠵᠡᠩᠨᠡᠬᠦ ᠶᠢ ᠬᠡᠷᠡᠭᠵᠢᠭᠦᠯᠦᠨ᠂ ᠣᠷᠣᠨ ᠪᠦᠰᠡ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠤᠨ ᠬᠠᠮᠲᠤᠪᠠᠷ | ᠡᠳ᠋ᠯᠡᠬᠦ᠂ ᠬᠠᠮᠢᠶᠠᠷᠤᠯᠲᠠ ᠶᠢ ᠠᠳᠠᠯᠢ ᠪᠠᠷᠢᠮᠵᠢᠶ᠎ᠠ ᠲᠠᠢ ᠠᠳᠠᠯᠢ ᠴᠢᠨᠠᠷᠲᠠᠶ᠂ ᠦᠢᠯᠡᠴᠢᠯᠡᠭᠡᠨ ᠢ ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠨ᠎ᠠ᠃ | — ᠬᠠᠮᠢᠶᠠᠷᠬᠤ ᠡᠷᠬᠢᠯᠡᠬᠦ ᠶᠢ ᠰᠠᠯᠭᠠᠬᠤ᠂ ᠳᠠᠯᠪᠢᠬᠤ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠳᠠᠯᠠᠨ᠎ᠠ᠃ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠬᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ | ᠰᠢᠭᠤᠳ ᠬᠠᠮᠢᠶᠠᠷᠴᠤ ᠪᠠᠶᠢᠭᠰᠠᠨ ᠠᠴᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠲᠡᠰᠢ ᠰᠢᠯᠵᠢᠭᠦᠯᠵᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ | ᠲᠥᠷᠥᠯ ᠤᠨ ᠲᠥᠯᠥᠪᠵᠢᠭᠦᠯᠭᠡ᠂ ᠵᠢᠷᠤᠮᠵᠢᠭᠤᠯᠬᠤ ᠪᠠᠷᠢᠮᠵᠢᠶ᠎ᠠ ᠲᠣᠭᠲᠠᠭᠠᠬᠤ ᠪᠠ ᠡᠮᠨᠡᠯᠭᠡ ᠶᠢᠨ ᠬᠤᠷᠢᠶ᠎ᠠ ᠳᠤ ᠬᠢᠨᠠᠯᠲᠠ ᠲᠠᠯᠪᠢᠵᠤ ᠵᠢᠯᠣᠭᠤᠳᠬᠤ ᠡᠭᠦᠷᠭᠡ | ᠬᠠᠷᠢᠭᠤᠴᠠᠯᠭ᠎ᠠ ᠶᠢ ᠴᠢᠩᠭᠠᠷᠠᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ | ᠳᠡᠭᠡᠭᠰᠢᠯᠡᠭᠦᠯᠦᠨ᠎ᠡ᠃ | ︵ᠭᠤᠷᠪᠠ︶ ᠠᠵᠢᠯ ᠤᠨ ᠬᠠᠷᠠᠯᠲᠠ᠃ ᠪᠥᠬᠦ ᠳᠤᠭᠤᠷᠢᠭ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶ᠎ᠠ ︵ᠳᠣᠷᠣᠭᠰᠢ ︽ | ᠶᠡᠷᠦᠩᠬᠡᠶ ᠡᠮᠨᠡᠯᠭᠡ ᠶᠢᠨ ᠬᠤᠷᠢᠶ᠎ᠠ︾ ᠭᠡᠵᠦ ᠲᠣᠪᠴᠢᠯᠠᠨ᠎ᠠ︶ ᠶᠢ ᠵᠣᠬᠢᠶᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠂ ᠡᠮᠴᠢᠯᠡᠬᠡᠨ ᠤ ᠪᠦᠯᠦᠭᠯᠡᠯ ᠢ | ᠪᠦᠳᠦᠬᠡᠨ ᠪᠠᠶᠢᠭᠤᠯᠬᠤ ᠪᠠᠷ ᠭᠠᠷᠳᠠᠴᠠ ᠪᠤᠯᠭᠠᠵᠤ᠂ ᠡᠮᠴᠢᠯᠡᠭᠡᠨ ᠤ ᠳᠠᠭᠠᠳᠬᠠᠯ ᠤᠨ ᠳᠠᠭᠠᠭᠠᠨ ᠥᠭᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠᠷ | ᠲᠤᠯᠭᠠᠭᠤᠷᠢᠯᠠᠯ ᠪᠣᠯᠭᠠᠵᠤ᠂ ᠲᠣᠭᠤᠷᠢᠭ᠂ ᠪᠠᠯᠭᠠᠰᠤ᠂ ᠲᠣᠰᠬᠤᠨ ᠨᠢᠭᠡ ᠴᠣᠭᠴᠠᠵᠢᠭᠰᠠᠨ ᠣᠷᠣᠨ ᠪᠦᠰᠡ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠂ ᠨᠡᠯᠢᠶᠡᠳ ᠰᠢᠨᠵᠢᠯᠡᠬᠦ ᠤᠬᠠᠭᠠᠨᠴᠢ ᠪᠠᠷ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠪᠠ ᠨᠡᠯᠢᠶᠡᠳ ᠤᠷᠤᠭᠰᠢᠲᠠᠶ ᠰᠢᠯᠵᠢᠭᠦᠯᠦᠨ ᠡᠮᠨᠡᠭᠦᠯᠬᠦ | ᠲᠣᠭᠲᠠᠴᠠ ᠶᠢ ᠪᠣᠶ ᠪᠣᠯᠭᠠᠵᠤ᠂ ᠡᠪᠡᠳᠴᠢᠨ ᠥᠬᠡᠶ ᠪᠣᠯ ᠡᠷᠲᠡ ᠰᠡᠷᠭᠡᠶᠢᠯᠡᠬᠦ᠂ ᠪᠠᠭ᠎ᠠ ᠡᠪᠡᠳᠴᠢᠨ ᠢ ᠣᠶᠢᠷ᠎ᠠ ᠬᠠᠪᠢ ᠳᠤ ᠡᠮᠨᠡᠬᠦᠯᠦᠨ᠂ ᠬᠦᠨᠳᠦ ᠡᠪᠡᠳᠴᠢᠨ ᠢ | ᠲᠤᠰᠬᠠᠶ ᠮᠡᠷᠭᠡᠵᠢᠯᠲᠡᠨ ᠡᠮᠨᠡᠵᠤ᠂ ᠤᠳᠠᠭᠠᠨ ᠴᠢᠨᠠᠷᠲᠠᠶ ᠡᠪᠡᠳᠴᠢᠨ ᠢ ᠬᠠᠮᠢᠶᠠᠷᠤᠯᠲᠠ ᠲᠠᠢ᠂ ᠰᠢᠯᠵᠢᠭᠦᠯᠦᠨ ᠡᠮᠨᠡᠭᠦᠯᠬᠦ ᠳᠤ ᠵᠤᠯᠭᠠᠯᠴᠠᠭ᠎ᠠ ᠲᠠᠢ ᠪᠠᠶᠢᠬᠤ ᠶᠢ | ᠪᠡᠶᠡᠯᠡᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ︽ᠭᠤᠷᠪᠠ ᠶᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾ ᠶᠢ ᠪᠡᠶᠡᠯᠡᠭᠦᠯᠦᠨ᠎ᠡ᠃ ᠳᠠᠷᠤᠢ ᠳᠤᠭᠤᠷᠢᠭ ᠲᠤ | ᠪᠠᠨ ᠡᠮᠨᠡᠬᠦᠯᠬᠦ ᠨᠤᠷᠮ᠎ᠠ ᠶᠢ ᠳᠡᠬᠡᠭᠰᠢᠯᠡᠬᠦᠯᠵᠤ᠂ ᠰᠠᠭᠤᠭᠠᠯᠢ ᠠᠷᠠᠳ ᠤᠨ ᠡᠷᠡᠬᠦᠯ ᠮᠡᠨᠳᠤ ᠶᠢᠨ ᠬᠡᠪ ᠪᠤᠯᠪᠠᠰᠤᠷᠠᠯ ᠢ ᠳᠡᠬᠡᠭᠰᠢᠯᠡᠬᠦᠯᠵᠤ᠂ ᠬᠡᠷ ᠪᠦᠯᠢ ᠶᠢᠨ | ᠦᠢᠯᠡᠴᠢᠯᠡᠬᠡᠨ ᠤ ᠴᠢᠳᠠᠪᠤᠷᠢ ᠶᠢ ᠳᠡᠬᠡᠭᠰᠢᠯᠡᠬᠦᠯᠵᠤ᠂ ᠰᠠᠭᠤᠭᠠᠯᠢ ᠠᠷᠠᠳ ᠤᠨ ᠦᠪᠡᠷᠳᠡᠬᠡᠨ ᠳᠤᠰᠢᠶᠠᠬᠤ ᠰᠦᠢᠳᠬᠡᠯ ᠢ ᠳᠤᠷᠤᠭᠰᠢᠯᠠᠭᠤᠯᠵᠤ᠂ ᠡᠪᠡᠳᠴᠢᠳᠡᠨ ᠢ | ᠭᠠᠳᠠᠭᠰᠢ ᠰᠢᠯᠵᠢᠬᠦᠯᠬᠦ ᠨᠤᠷᠮ᠎ᠠ ︵ᠬᠦᠮᠦᠨ ᠤ ᠳᠤᠭ᠎ᠠ︶ ᠶᠢ ᠳᠤᠷᠤᠭᠰᠢᠯᠠᠭᠤᠯᠬᠤ ᠪᠤᠯᠤᠨ᠎ᠠ᠃ ᠵᠠᠷᠴᠢᠮ ᠳᠡᠭᠡᠷ᠎ᠡ ᠪᠠᠨ᠂ ᠳᠤᠯᠤᠭᠠᠶᠢᠯᠠᠭᠴᠢ ᠡᠮᠨᠡᠯᠭᠡ ᠶᠢᠨ | ᠬᠤᠷᠢᠶ᠎ᠠ ᠨᠢ ᠠᠳᠠᠭ ᠲᠠᠭᠠᠨ 1/3 ᠶᠢᠨ ᠡᠭᠦᠳᠡᠨ ᠡᠮᠨᠡᠯᠭᠡ ᠶᠢᠨ ᠨᠣᠮᠧᠷ ᠤᠨ ᠢᠷᠡᠯᠲᠡ ᠪᠠ 1/4 ᠶᠢᠨ ᠡᠮᠨᠡᠯᠭᠡ ᠳᠤ ᠰᠠᠭᠤᠭᠰᠠᠨ ᠡᠪᠡᠳᠴᠢᠲᠡᠨ ᠤ ᠣᠷᠣ ᠶᠢ ᠭᠡᠷ | ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠯᠬᠦᠮ ᠪᠤᠶᠤ ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠳᠣᠷᠣᠭᠰᠢ ᠪᠠᠭᠤᠯᠭᠠᠵᠤ᠂ ᠦᠨᠳᠦᠰᠦᠨ ᠱᠠᠲᠤᠨ ᠤ ᠰᠢᠯᠵᠢᠭᠦᠯᠦᠨ ᠡᠮᠨᠡᠭᠦᠯᠬᠦ ᠭᠡᠷ᠎ᠡ ᠲᠣᠭᠲᠠᠭᠰᠠᠨ ᠰᠠᠭᠤᠭᠠᠯᠢ ᠠᠷᠠᠳ ᠤᠷᠢᠳᠠᠪᠠᠷ ᠡᠪᠡᠳᠴᠢᠨ ᠦᠵᠡᠭᠦᠯᠵᠦ᠂ | ᠤᠷᠢᠳᠠᠪᠠᠷ ᠪᠠᠶᠢᠴᠠᠭᠠᠯᠭᠠᠵᠤ᠂ ᠤᠷᠢᠳᠠᠪᠠᠷ ᠡᠮᠨᠡᠯᠭᠡ ᠳᠤ ᠰᠠᠭᠤᠵᠤ ᠪᠣᠯᠤᠨ᠎ᠠ᠃ ᠨᠥᠬᠦᠴᠡᠯ ᠳᠤ ᠨᠡᠶᠢᠴᠡᠭᠰᠡᠨ ᠬᠤᠶᠠᠳᠤᠭᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ | ᠬᠤᠷᠢᠶ᠎ᠠ ᠶᠢᠨ ᠡᠮᠴᠢ ᠴᠤ ᠦᠨᠳᠦᠰᠦᠨ ᠱᠠᠲᠤᠨ ᠤ ᠶᠡᠷᠦᠩᠬᠡᠢ ᠰᠠᠯᠠᠭᠠᠨ ᠤ ᠡᠮᠴᠢ ᠲᠠᠢ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠪᠦᠯᠬᠦᠮ | ᠪᠠᠶᠢᠭᠤᠯᠵᠤ᠂ ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠲᠠᠪᠴᠠᠩ ᠪᠣᠯᠭᠠᠨ ᠭᠡᠷ᠎ᠡ ᠳᠤᠭᠳᠠᠵᠤ ᠦᠢᠯᠡᠴᠢᠯᠡᠭᠡ | ᠥᠷᠨᠢᠭᠦᠯᠦᠨ᠎ᠡ᠃ ᠡᠳ᠋ ᠤᠨ ᠵᠠᠰᠠᠭ ᠠᠴᠠ ᠬᠠᠷᠭᠤᠭᠤᠯᠤᠨ ᠰᠠᠯᠭᠠᠨ ᠥᠭᠬᠦ᠂ ᠡᠮᠴᠢᠯᠡᠭᠡᠨ ᠤ ᠦᠢᠯᠡᠴᠢᠯᠡᠭᠡ ᠶᠢᠨ ᠣᠷᠣᠯᠭ᠎ᠠ ᠪᠠ ᠥᠪᠡᠷ ᠤᠨ ᠥᠷᠲᠡᠭ ᠢ ᠬᠠᠰᠤᠵᠤ | ᠭᠠᠷᠭᠠᠭᠰᠠᠨ ᠤ ᠳᠠᠷᠠᠭᠠᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠣᠷᠣᠯᠭ᠎ᠠ ᠶᠢ ᠴᠠᠯᠢᠩ ᠤᠨ ᠶᠡᠷᠦᠩᠬᠡᠶ ᠲᠤᠭ᠎ᠠ ᠶᠢ ᠬᠢᠨᠠᠨ ᠲᠣᠭᠲᠠᠭᠠᠬᠤ | ᠪᠠᠲᠤᠯᠠᠭ᠎ᠠ ᠶᠢᠨ ᠰᠢᠨ᠎ᠡ ᠲᠣᠭᠲᠠᠴᠠ ᠪᠣᠯᠭᠠᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠵᠠᠰᠠᠭ ᠵᠠᠬᠢᠷᠭᠠᠨ᠂ ᠠᠵᠢᠯᠲᠠᠨ᠂ ᠡᠳ᠋ ᠬᠥᠷᠥᠩᠭᠡ᠂ ᠲᠤᠬᠠᠶᠢᠯᠠᠭᠰᠠᠨ ᠠᠵᠢᠯ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ᠂ ᠡᠮ ᠪᠠ ᠪᠠᠭᠠᠵᠢ ᠬᠡᠷᠡᠭᠰᠡᠯ ᠤᠨ ᠬᠠᠩᠭᠠᠯᠭ᠎ᠠ ᠶᠢᠨ | ᠪᠠᠲᠤᠯᠠᠭ᠎ᠠ᠂ ᠮᠡᠳᠡᠭᠡ ᠵᠠᠩᠭᠢ ᠶᠢᠨ ᠲᠠᠪᠴᠠᠩ ᠤᠨ ︽ᠨᠠᠢᠮᠠ ᠶᠢ ᠨᠢᠭᠡᠳᠦᠯᠲᠡᠶ ᠬᠠᠮᠢᠶᠠᠷᠬᠤ︾ ᠶᠢ ᠠᠬᠢᠭᠤᠯᠤᠨ᠎ᠠ᠃ ᠣᠷᠣᠨ ᠪᠦᠰᠡ ᠶᠢᠨ ᠡᠮᠴᠢᠯᠡᠭᠡᠨ ᠤ | ᠪᠠᠶᠢᠭᠤᠯᠤᠮᠵᠢ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠶᠡᠷᠦᠩᠬᠡᠶ ᠡᠮᠨᠡᠯᠭᠡ ᠶᠢᠨ ᠬᠤᠷᠢᠶ᠎ᠠ ᠶᠢ ᠨᠠᠩ ᠶᠡᠭᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠲᠠᠢ | ᠪᠣᠯᠭᠠᠵᠤ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠠᠵᠢᠯᠲᠠᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠡᠮᠴᠢᠯᠡᠭᠡᠨ ᠤ ᠶᠠᠰᠤ ᠴᠢᠨᠠᠷ ᠪᠠ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠬᠡᠷ ᠪᠦᠯᠢ ᠶᠢᠨ | ᠡᠮᠴᠢ ᠶᠢᠨ ᠬᠡᠷ᠎ᠡ ᠳᠤᠭᠳᠠᠭᠰᠠᠨ ᠦᠢᠯᠡᠴᠢᠯᠡᠭᠡ ᠶᠢ ᠨᠠᠩ ᠵᠢᠷᠤᠮᠵᠢᠭᠤᠨ᠂ ᠨᠠᠩ ᠵᠦᠶ ᠵᠣᠬᠢᠰᠲᠠᠶ ᠪᠤᠯᠭᠠᠨ᠎ᠠ᠃ 2025 ᠣᠨ ᠤ ᠡᠴᠦᠰ ᠪᠣᠯᠬᠤ ᠳᠤ᠂ ᠪᠥᠬᠦ | ᠳᠤᠭᠤᠷᠢᠭ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠭᠤᠷᠢᠭ ᠤᠨ ᠳᠣᠲᠣᠷᠠᠬᠢ | 70% ᠶᠢᠨ ᠡᠪᠡᠳᠴᠢᠲᠡᠨ ᠢ ᠦᠨᠳᠦᠰᠦᠨ ᠱᠠᠲᠤᠨ ᠳᠤ ᠡᠮᠴᠢᠯᠡᠬᠦ᠂ ᠬᠤᠪᠢ ᠬᠥᠮᠥᠨ ᠤ ᠥᠪᠡᠰᠦᠪᠡᠨ ᠳᠤᠰᠢᠶᠠᠬᠤ ᠰᠦᠢᠳᠬᠡᠯ ᠤᠨ ᠬᠠᠷᠢᠴᠠᠯ ᠢ 30% ᠠᠴᠠ | ᠳᠤᠤᠷ᠎ᠠ ᠪᠠᠶᠢᠯᠭᠠᠬᠤ ᠪᠠᠷ ᠴᠢᠷᠮᠠᠶᠢᠵᠤ᠂ ᠳᠤᠭᠤᠷᠢᠭ ᠤᠨ ᠳᠣᠲᠣᠷ᠎ᠠ ᠡᠮᠨᠡᠭᠦᠯᠬᠦ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠭ᠎ᠠ ᠡᠪᠡᠳᠴᠢᠨ ᠢ ᠪᠠᠯᠭᠠᠰᠤᠨ ︵ | ᠨᠡᠶᠢᠬᠡᠮ ᠳᠤᠭᠤᠷᠢᠭ︶ ᠠᠴᠠ ᠭᠠᠷᠭᠠᠬᠤ ᠦᠭᠡᠢ ᠪᠠᠶᠢᠬᠤ᠂ ᠶᠡᠭᠡ ᠡᠪᠡᠳᠴᠢᠨ ᠢ ᠳᠤᠭᠤᠷᠢᠭ ᠠᠴᠠ ᠭᠠᠷᠭᠠᠬᠤ ᠦᠭᠡᠢ ᠪᠠᠶᠢᠬᠤ ᠶᠢ ᠦᠨᠳᠤᠰᠤᠨ ᠳᠡᠭᠡᠨ ᠪᠡᠶᠡᠯᠡᠬᠦᠯᠵᠤ᠂ | ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠢᠯᠡᠳᠳᠡ ᠨᠡᠮᠡᠭᠳᠡᠬᠦᠯᠦᠨ᠎ᠡ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠵᠠᠰᠠᠭ ᠤᠨ ᠣᠷᠳᠣᠨ ᠤ ᠡᠮᠨᠡᠯᠭᠡ ᠶᠢᠨ ᠬᠤᠷᠢᠶ᠎ᠠ ᠡᠷᠬᠢᠯᠡᠬᠦ ᠡᠭᠦᠷᠭᠡ ᠴᠢᠳᠠᠪᠤᠷᠢ ᠶᠢ ᠴᠢᠩᠭᠠᠳᠬᠠᠨ᠎ᠠ᠃ | 1. ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠺᠣᠮᠢᠰ ᠤᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠰᠢᠯᠢᠳᠡᠭᠵᠢᠭᠦᠯᠬᠦ᠂ ᠬᠠᠮᠵᠢᠯᠴᠠᠬᠤ᠂ | ᠥᠨᠳᠥᠷ ᠪᠦᠲᠦᠮᠵᠢᠲᠡᠶ ᠪᠠᠶᠢᠯᠭᠠᠬᠤ ᠵᠠᠷᠴᠢᠮ ᠶᠣᠰᠣᠭᠠᠷ᠂ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠨᠢ ᠳᠤᠭᠤᠷᠢᠭ ᠤᠨ ᠳᠣᠲᠣᠷᠠᠬᠢ ᠶᠡᠷᠦᠩᠬᠡᠶ | ᠡᠮᠨᠡᠯᠭᠡ ᠶᠢᠨ ᠬᠤᠷᠢᠶᠠᠨ ᠤ ᠬᠠᠮᠤᠭ ᠤᠨ ᠳᠡᠭᠡᠳᠦ ᠰᠢᠢᠳᠪᠦᠷᠢᠲᠦ ᠪᠣᠳᠣᠯᠭ᠎ᠠ ᠶᠢᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ | ᠪᠠᠲᠤᠯᠠᠭ᠎ᠠ ᠶᠢᠨ ᠬᠠᠷᠢᠭᠤᠴᠠᠯᠭ᠎ᠠ᠂ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠶᠡᠷᠦᠩᠬᠡᠶ | ᠡᠮᠨᠡᠯᠭᠡ ᠶᠢᠨ ᠬᠤᠷᠢᠶᠠᠨ ᠤ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠬᠦ ᠪᠠ ᠪᠦᠲᠦᠭᠡᠨ ᠪᠠᠶᠢᠭᠤᠯᠬᠤ᠂ ᠣᠷᠣᠭᠤᠯᠤᠯᠲᠠ ᠶᠢ ᠪᠠᠲᠤᠯᠠᠬᠤ᠂ ᠠᠵᠢᠯᠲᠠᠨ ᠤ | ᠶᠠᠪᠤᠳᠠᠯ ᠤᠨ ᠲᠣᠬᠢᠷᠠᠭᠤᠯᠤᠯᠲᠠ ᠪᠠ ᠬᠢᠨᠠᠨ ᠰᠢᠯᠭᠠᠵᠤ ᠬᠢᠨᠠᠯᠲᠠ ᠲᠠᠯᠪᠢᠬᠤ ᠵᠡᠷᠭᠡ ᠴᠢᠬᠤᠯᠠ ᠶᠡᠭᠡ ᠵᠦᠢᠯᠡᠰ ᠢ ᠪᠠᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄ | ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ︶ | 2. ᠳ᠋ᠦᠩᠱᠧᠩ ᠲᠣᠭᠤᠷᠢᠭ ᠤᠨ ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠢ | ᠪᠠᠶᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ︵ | ᠳᠣᠷᠣᠭᠰᠢ ︽ᠬᠠᠮᠢᠶᠠᠷᠤᠯᠲᠠ ᠶᠢᠨ ᠵᠥᠪᠯᠡᠯ︾ ᠭᠡᠵᠦ ᠲᠣᠪᠴᠢᠯᠠᠨ᠎ᠠ︶ ᠢ ᠪᠠᠶᠢᠭᠤᠯᠵᠤ᠂ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠤᠨ ᠲᠦᠷᠢᠮ ᠢ | ᠲᠣᠭᠲᠠᠭᠠᠬᠤ ᠪᠠ ᠡᠮᠴᠢᠯᠡᠭᠡᠨ ᠤ ᠪᠦᠯᠦᠭᠯᠡᠯ ᠤᠨ ᠳᠣᠲᠣᠭᠠᠳᠤ ᠶᠢᠨ ᠲᠥᠯᠥᠪᠵᠢᠭᠦᠯᠦᠨ ᠪᠠᠶᠢᠭᠤᠯᠬᠤ᠂ ᠣᠷᠣᠭᠤᠯᠤᠯᠲᠠ ᠶᠢ ᠪᠠᠲᠤᠯᠠᠬᠤ᠂ ᠲᠦᠷᠢᠮ ᠢ ᠲᠣᠭᠲᠠᠭᠠᠬᠤ᠂ | ᠰᠢᠯᠭᠠᠨ ᠬᠢᠨᠠᠵᠤ ᠬᠠᠮᠢᠶᠠᠷᠬᠤ ᠵᠡᠷᠭᠡ ᠴᠢᠬᠤᠯᠠ ᠶᠡᠭᠡ ᠵᠦᠢᠯᠡᠰ ᠢ ᠬᠠᠷᠢᠭᠤᠴᠠᠨ ᠲᠣᠭᠲᠠᠭᠠᠨ᠎ᠠ᠃ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠶᠢᠨ ᠲᠤᠰᠢᠶᠠᠯ ᠢ ᠵᠠᠰᠠᠭ ᠤᠨ ᠣᠷᠳᠣᠨ ᠤ ᠳᠠᠷᠤᠭ᠎ᠠ ᠡᠭᠦᠷᠭᠡᠯᠡᠵᠦ᠂ ᠬᠠᠮᠢᠶ᠎ᠠ ᠪᠥᠬᠦᠶ ᠲᠣᠭᠤᠷᠢᠭ ᠤᠨ ᠤᠳᠤᠷᠢᠳᠤᠯᠭ᠎ᠠ ᠳᠡᠳ᠋ ᠡᠷᠬᠢᠯᠡᠭᠴᠢ ᠶᠢᠨ | ᠲᠤᠰᠢᠶᠠᠯ ᠢ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠣᠷᠣᠨ | ᠲᠤᠭ᠎ᠠ ᠶᠢᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠨ᠎ᠠ᠃ | ᠡᠷᠬᠢᠯᠡᠭᠴᠢ᠄ ᠬᠠᠨ ᠲᠤᠤ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ | ᠳᠡᠳ᠋ ᠡᠷᠬᠢᠯᠡᠭᠴᠢ᠄ ᠳ᠋ᠦ᠋ ᠵᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠭᠤᠤ ᠮᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠱᠢ ᠰᠢᠤᠸᠠᠢ ᠰᠦᠩ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠶᠠᠩ ᠶᠦᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠬᠦᠨ᠄ ᠷᠧᠨ ᠵᠢᠶᠠ ᠰᠢᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷ ᠤᠨ | ᠲᠣᠪᠴᠢᠶᠠᠨ ᠤ ᠳᠠᠷᠤᠭ᠎ᠠ | ᠭᠤᠤ ᠬᠤᠢ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠯᠢ ᠬᠠᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ | ᠶᠤᠸᠠᠨ ᠹᠸᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ | ᠦ᠋ ᠱᠠᠩ ᠵᠢᠶᠦ᠋ᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠭᠤᠤ ᠶᠦᠨ ᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠸᠠᠩ ᠵᠢᠶᠦ᠋ᠨ ᠹᠧᠩ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠳᠠᠷᠤᠭ᠎ᠠ | ᠷᠧᠨ ᠬᠦᠶ ᠧ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠯᠢᠦ ᠵᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠶᠠᠩ ᡁᠢ ᠭᠦᠸᠧ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ | ᠸᠠᠩ ᠼᠦᠨ ᠵᠢᠶᠦ᠋ᠨ ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ | ᠳ᠋ᠦ᠋ ᠶᠠᠨ ᠵᠢᠶᠦ᠋ᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠱᠢ ᠵᠢᠶᠦ᠋ᠨ ᠮᠧᠶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠸᠠᠩ ᠮᠢᠩ ᠯᠢᠶᠠᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠴᠧᠨ ᡁᠢ ᠭᠠᠩ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ | ᠹᠧᠩ ᠨᠠᠢ ᠴᠢ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ | ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠤᠨ ᠳᠣᠤᠷ᠎ᠠ ᠠᠯᠪᠠᠨ ᠬᠡᠷ ᠳᠤᠬᠢᠷᠠᠭᠤᠯᠵᠤ᠂ ᠠᠯᠪᠠᠨ ᠬᠡᠷ ᠢ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠡᠷᠬᠢᠯᠡᠭᠴᠢ ︵ᠬᠠᠪᠰᠤᠷᠭᠠᠨ ᠬᠠᠷᠢᠭᠤᠴᠠᠨ᠎ᠠ︶ ᠬᠠᠷᠢᠭᠤᠴᠠᠵᠤ᠂ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠠᠴᠠ | ᠶᠡᠷᠦᠩᠬᠡᠶ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠬᠡᠷᠡᠭ ᠵᠥᠪᠯᠡᠵᠦ ᠵᠣᠬᠢᠴᠠᠭᠤᠯᠬᠤ | ᠪᠠᠶᠢᠭᠤᠯᠤᠮᠵᠢ ᠬᠡᠵᠤ᠂ ᠪᠥᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠲᠥᠯᠥᠪᠵᠢᠭᠦᠯᠭᠡ᠂ | ᠪᠠᠷᠢᠮᠵᠢᠶ᠎ᠠ ᠵᠢᠷᠤᠮᠵᠢᠯ ᠢ ᠲᠣᠭᠲᠠᠭᠠᠬᠤ ᠪᠠ ᠬᠢᠨᠠᠯᠲᠠ ᠲᠠᠯᠪᠢᠵᠤ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ︔ ᠬᠤᠷᠢᠶᠠᠨ ᠳᠠᠷᠤᠭ᠎ᠠ ᠶᠢᠨ ᠣᠨ ᠤ | ᠪᠠ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢ ᠬᠢᠨᠠᠨ ᠰᠢᠯᠭᠠᠬᠤ ᠶᠢ ᠬᠠᠷᠢᠭᠤᠴᠠᠨ᠎ᠠ︔ ᠶᠡᠷᠦᠩᠬᠡᠶ ᠡᠮᠨᠡᠯᠭᠡ ᠶᠢᠨ ᠬᠤᠷᠢᠶᠠᠨ ᠤ ᠲᠦᠷᠢᠮ ᠪᠠ | ᠦᠨᠳᠦᠰᠦᠨ ᠬᠠᠮᠢᠶᠠᠷᠤᠯᠲᠠ ᠶᠢᠨ ᠲᠦᠷᠢᠮ᠂ ᠣᠨ ᠤ ᠠᠵᠢᠯ ᠤᠨ ᠲᠥᠯᠥᠪᠯᠡᠭᠡ ᠵᠢᠴᠢ ᠣᠨ ᠤ ᠮᠡᠳᠡᠭᠦᠯᠦᠯᠲᠡ ᠵᠡᠷᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠳᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠨᠢ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠲᠤᠭᠤᠷᠪᠢᠬᠤ ᠶᠢ | ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠬᠠᠮᠢᠶᠠᠷᠬᠤ ᠡᠷᠬᠡ ᠮᠡᠳᠡᠯ ᠤᠨ ᠶᠣᠰᠣᠭᠠᠷ ᠶᠡᠷᠦᠩᠬᠡᠶ ᠡᠮᠨᠡᠯᠭᠡ ᠶᠢᠨ ᠬᠤᠷᠢᠶᠠᠨ ᠤ | ᠤᠳᠤᠷᠢᠳᠬᠤ ᠪᠠᠭ ᠤᠨ ᠪᠦᠷᠢᠯᠳᠦᠬᠦᠨ ᠢ ᠲᠣᠮᠢᠯᠠᠨ ᠬᠡᠷᠡᠭᠯᠡᠬᠦ ᠶᠢ ᠬᠠᠷᠢᠭᠤᠴᠠᠬᠤ ᠶᠢᠨ ᠬᠠᠮᠲᠤ ᠤᠳᠤᠷᠢᠳᠬᠤ ᠪᠠᠭ ᠤᠨ ᠪᠦᠷᠢᠯᠳᠦᠬᠦᠨ ᠢ ᠬᠥᠮᠦᠵᠢᠭᠦᠯᠬᠦ᠂ | ᠪᠣᠯᠪᠠᠰᠤᠷᠠᠭᠤᠯᠬᠤ ᠵᠢᠴᠢ ᠬᠢᠨᠠᠯᠲᠠ ᠲᠠᠯᠪᠢᠬᠤ ᠠᠵᠢᠯ ᠢ ᠥᠷᠨᠢᠭᠦᠯᠦᠨ᠎ᠡ᠃ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠦᠷᠦ ᠶᠢᠨ ᠪᠤᠳᠤᠯᠭ᠎ᠠ ᠶᠢ | ᠤᠬᠠᠭᠤᠯᠵᠤ᠂ ᠲᠤᠷᠰᠢᠯᠲᠠ ᠶᠢᠨ ᠴᠢᠭ ᠤᠨ ᠲᠤᠷᠰᠢᠯᠭ᠎ᠠ ᠶᠢ ᠳᠡᠯᠭᠡᠷᠡᠭᠦᠯᠵᠦ᠂ ᠬᠤᠳᠠ ᠶᠢᠨ ᠡᠮᠴᠢᠯᠡᠭᠡᠨ ᠤ ᠪᠦᠯᠦᠭᠯᠡᠯ ᠤᠨ ᠳᠤᠬᠠᠢ ᠣᠶᠢᠯᠠᠭᠠᠬᠤ ᠨᠤᠷᠮ᠎ᠠ ᠶᠢ | ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠳᠤᠭᠤᠷᠢᠭ ᠤᠨ | ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠨᠢ ᠬᠠᠤᠯᠢ ᠶᠢᠨ ᠡᠷᠬᠡᠲᠡᠨ ᠤ ᠵᠠᠰᠠᠯᠳᠠ ᠶᠢᠨ ᠪᠦᠲᠦᠴᠡ ᠶᠢᠨ ᠥᠭᠡᠷᠡᠴᠢᠯᠡᠯᠲᠡ ᠶᠢ ᠠᠬᠢᠭᠤᠯᠵᠤ᠂ ᠣᠷᠣᠨ | ᠲᠤᠭ᠎ᠠ ᠶᠢᠨ ᠶᠡᠷᠦᠩᠬᠡᠶ ᠲᠤᠭ᠎ᠠ ᠶᠢᠨ ᠬᠥᠳᠡᠯᠦᠩᠭᠦᠶ ᠬᠠᠮᠢᠶᠠᠷᠤᠯᠲᠠ ᠪᠠ ᠣᠷᠣᠨ ᠲᠤᠭ᠎ᠠ ᠶᠢᠨ ᠳᠠᠩᠰᠠᠯᠠᠭᠤᠯᠬᠤ ᠲᠣᠭᠲᠠᠴᠠ ᠶᠢ ᠪᠠᠶᠢᠭᠤᠯᠤᠨ᠎ᠠ᠃ ᠳᠤᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠵᠣᠬᠢᠶᠠᠨ ᠪᠠᠶᠢᠭᠤᠯᠤᠨ ᠵᠣᠬᠢᠴᠠᠭᠤᠯᠬᠤ ᠡᠭᠦᠷᠭᠡ ᠴᠢᠳᠠᠪᠤᠷᠢ ᠶᠢ ᠡᠭᠦᠷᠭᠡᠯᠡᠵᠦ᠂ ᠠᠵᠢᠯ ᠲᠥᠷᠥᠯ ᠤᠨ | ᠲᠥᠯᠦᠪᠵᠢᠭᠦᠯᠭᠡ ᠶᠢ ᠲᠣᠭᠲᠠᠭᠠᠨ᠂ ᠱᠠᠲᠤ ᠬᠤᠪᠢᠶᠠᠨ ᠣᠨᠣᠰᠢᠯᠠᠨ ᠡᠮᠨᠡᠬᠦ ᠡᠪᠡᠳᠴᠢᠨ ᠤ ᠲᠥᠷᠥᠯ ᠪᠠ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠴᠤᠪᠤᠷᠠᠯ ᠢ | ᠲᠣᠭᠲᠠᠭᠠᠵᠤ᠂ ᠡᠮᠴᠢᠯᠡᠭᠡᠨ ᠤ ᠦᠢᠯᠡᠴᠢᠯᠡᠭᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠨᠠᠨ ᠬᠠᠮᠢᠶᠠᠷᠴᠤ ᠰᠢᠯᠭᠠᠨ ᠬᠢᠨᠠᠬᠤ ᠶᠢ | ᠴᠢᠩᠭᠠᠳᠬᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠳᠤᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ | ᠢᠳᠡᠪᠬᠢᠲᠡᠢ ᠲᠡᠮᠡᠴᠡᠨ ᠣᠯᠵᠤ᠂ ᠳᠤᠭᠤᠷᠢᠭ ᠪᠠᠯᠭᠠᠰᠤ ᠬᠤᠶᠠᠷ ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ︔ ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠨᠥᠬᠦᠪᠦᠷᠢ ᠶᠢᠨ ᠠᠷᠭ᠎ᠠ ᠮᠠᠶ᠋ᠢᠭ ᠢ ᠥᠭᠡᠷᠡᠴᠢᠯᠡᠵᠦ᠂ ︽ᠵᠠᠰᠠᠭ ᠤᠨ ᠣᠷᠳᠣᠨ ᠤ ᠵᠢᠷᠭᠤᠭᠠᠨ | ᠵᠦᠢᠯ ᠤᠨ ᠪᠡᠯᠡ ᠣᠷᠣᠭᠤᠯᠤᠯᠲᠠ︾᠂ ᠲᠤᠬᠠᠶᠢᠯᠠᠪᠠᠯ ᠦᠨᠳᠦᠰᠦᠨ ᠪᠦᠲᠦᠭᠡᠨ ᠪᠠᠶᠢᠭᠤᠯᠤᠯᠲᠠ᠂ ᠲᠣᠮᠣ ᠬᠡᠯᠪᠡᠷᠢ ᠶᠢᠨ ᠲᠥᠬᠦᠭᠡᠷᠦᠮᠵᠢ ᠬᠤᠳᠠᠯᠳᠤᠨ ᠠᠪᠬᠤ᠂ | ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠴᠢᠳᠠᠪᠤᠷᠢᠲᠠᠨ ᠢ ᠬᠥᠮᠥᠵᠢᠭᠦᠯᠬᠦ᠂ ᠠᠵᠢᠯ ᠠᠴᠠ ᠪᠠᠨ ᠠᠮᠠᠷᠠᠭᠰᠠᠨ ᠬᠥᠮᠥᠰ ᠤᠨ ᠵᠠᠷᠤᠳᠠᠯ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ ᠠᠯᠳᠠᠭᠳᠠᠯ ᠢ ᠲᠥᠷᠥᠯ ᠬᠤᠪᠢᠶᠠᠨ ᠬᠠᠮᠢᠶᠠᠷᠤᠨ᠎ᠠ᠃ ᠳᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠤᠲᠠ ᠶᠢᠨ ᠨᠢᠭᠲᠠ | ᠬᠠᠮᠵᠢᠯᠴᠠᠭᠠᠨ ᠤ ᠬᠡᠯᠪᠡᠷᠢ ᠶᠢᠨ ᠡᠮᠴᠢᠯᠡᠬᠡᠨ ᠤ ᠪᠦᠯᠦᠭᠯᠡᠯ ᠤᠨ ᠳᠣᠲᠣᠭᠠᠳᠤ ᠪᠠᠶᠢᠭᠤᠯᠤᠮᠵᠢ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠮᠡᠷᠭᠡᠵᠢᠯ ᠤᠨ ᠴᠣᠯᠠ | ᠲᠣᠭᠲᠠᠭᠠᠬᠤ ᠤᠷᠢᠬᠤ᠂ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠵᠡᠷᠭᠡ ᠲᠠᠯ᠎ᠠ ᠶᠢᠨ ᠡᠵᠡᠨ ᠮᠡᠳᠡᠬᠦ ᠡᠷᠬᠡ ᠶᠢ ᠭᠦᠢᠴᠡᠳ ᠨᠠᠶᠢᠳᠠᠪᠤᠷᠢᠵᠢᠭᠤᠯᠤᠨ᠎ᠠ︔ | ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠨᠢ ᠡᠮ ᠡᠮᠨᠡᠯᠭᠡ ᠶᠢᠨ ᠦᠨ᠎ᠡ ᠬᠠᠩᠰᠢ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠲᠣᠭᠤᠷᠢᠭ ᠪᠠᠯᠭᠠᠰᠤ ᠬᠤᠶᠠᠷ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠵᠦᠷᠢᠶᠡᠴᠢᠯᠡᠭᠰᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠷᠢᠴᠠᠯ ᠪᠠ ᠡᠬᠢᠯᠡᠵᠦ ᠲᠣᠭᠠᠴᠠᠭ᠎ᠠ ᠬᠢᠬᠦ ᠪᠠᠷᠢᠮᠵᠢᠶ᠎ᠠ ᠶᠢ | ᠨᠠᠶᠢᠳᠠᠪᠤᠷᠢᠵᠢᠭᠤᠯᠤᠨ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ︵DIP︶ ᠢᠶᠠᠷ ᠲᠣᠭᠠᠴᠠᠭ᠎ᠠ | ᠬᠢᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ᠡᠮᠴᠢᠯᠡᠭᠡ᠂ ᠡᠮ ᠡᠮᠨᠡᠯᠭᠡ᠂ | ᠡᠮᠴᠢᠯᠡᠭᠡᠨ ᠤ ᠳᠠᠭᠠᠳᠬᠠᠯ︾ ᠭᠤᠷᠪᠠᠨ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠪᠠᠳᠤᠯᠠᠨ᠎ᠠ᠃ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠨᠢ ᠬᠤᠲᠠ ᠶᠢᠨ | ᠡᠮᠴᠢᠯᠡᠭᠡᠨ ᠤ ᠪᠦᠯᠦᠭᠯᠡᠯ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠵᠤ | ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠢ᠂ ᠬᠠᠤᠯᠢ ᠳᠤ ᠨᠡᠶᠢᠴᠡᠬᠦ ᠪᠠ | ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | 3. ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ᠎ᠠ᠃ ︽ | ᠤᠷᠢᠳᠠᠪᠠᠷ ᠲᠤᠷᠰᠢᠯᠲᠠ ᠬᠢᠬᠦ᠂ ᠵᠢᠱᠢᠶ᠎ᠡ ᠦᠵᠡᠭᠦᠯᠦᠨ ᠳᠠᠶᠢᠴᠢᠯᠠᠬᠤ᠂ ᠳ᠋ᠦᠩᠨᠡᠨ ᠳᠡᠯᠭᠡᠷᠡᠭᠦᠯᠬᠦ᠂ ᠱᠠᠲᠤ ᠱᠠᠲᠤ ᠪᠠᠷ ᠠᠬᠢᠭᠤᠯᠬᠤ︾ ᠵᠠᠷᠴᠢᠮ ᠶᠣᠰᠣᠭᠠᠷ᠂ | ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠪᠠ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ︶ ᠳᠤ ᠳ᠋ᠦᠩᠱᠧᠩ ᠲᠣᠭᠤᠷᠢᠭ ᠤᠨ | ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠢ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠬᠠᠮᠵᠢᠯᠴᠠᠬᠤ ᠨᠢᠭᠡᠴᠡ ᠪᠣᠯᠤᠭᠰᠠᠨ ᠤ ᠬᠤᠪᠢ ᠳᠤ᠂ ᠠᠩᠬᠠᠨ ᠤ ᠪᠦᠯᠦᠭ ᠲᠤ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶ᠎ᠠ᠂ ᠴᠡᠴᠡᠷᠯᠢᠭ᠂ ᠰᠢᠩ ᠱᠧᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠪᠤᠷᠵᠠᠩᠨᠠᠭᠤᠷ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠸᠠᠨ ᠯᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠡᠮᠬᠢᠯᠡᠨ ᠨᠡᠶᠢᠯᠡᠭᠦᠯᠵᠦ᠂ ᠬᠥᠮᠥᠨ᠂ ᠡᠳ᠋᠂ | ᠪᠣᠳᠠᠰ ᠢ ᠨᠢᠭᠡᠳᠦᠯᠲᠡᠢ ᠬᠠᠮᠢᠶᠠᠷᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠬᠠᠮᠢᠶᠠᠷᠤᠯᠲᠠ᠂ ᠦᠢᠯᠡᠴᠢᠯᠡᠭᠡ᠂ ᠬᠥᠭᠵᠢᠯᠲᠡ᠂ ᠠᠰᠢᠭ ᠲᠤᠰᠠ᠂ | ᠬᠠᠷᠢᠭᠤᠴᠠᠯᠭ᠎ᠠ ︽ᠲᠠᠪᠤ ᠶᠢ ᠨᠢᠭᠡ ᠴᠣᠭᠴᠠᠵᠢᠭᠤᠯᠤᠭᠰᠠᠨ︾ ᠠᠵᠢᠯᠯᠠᠭᠠᠨ ᠤ ᠵᠠᠭᠪᠤᠷ ᠢ ᠪᠣᠶ ᠪᠤᠯᠭᠠᠨ᠎ᠠ᠃ ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ | ᠡᠮᠴᠢᠯᠡᠭᠡᠨ ᠤ ᠪᠦᠯᠦᠭᠯᠡᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢ ᠵᠣᠬᠢᠶᠠᠨ ᠪᠠᠶᠢᠭᠤᠯᠵᠤ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ | ᠱᠦᠵᠢ ᠶᠢᠨ ᠲᠤᠰᠢᠶᠠᠯ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠬᠠᠪᠰᠤᠷᠭᠠᠨ ᠬᠠᠷᠢᠭᠤᠴᠠᠵᠤ᠂ ᠶᠡᠷᠦᠩᠬᠡᠢ ᠡᠮᠨᠡᠯᠭᠡ ᠶᠢᠨ | ᠬᠤᠷᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠪᠢᠳᠠᠨ | ᠬᠠᠮᠢᠶᠠᠷᠴᠤ ᠪᠦᠬᠦᠢ ᠳᠡᠳ᠋ ᠡᠷᠬᠢᠯᠡᠭᠴᠢ ᠪᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠬᠠᠪᠰᠤᠷᠭᠠᠨ | ᠬᠠᠷᠢᠭᠤᠴᠠᠨ᠎ᠠ᠃ ᠶᠡᠷᠦᠩᠬᠡᠢ ᠡᠮᠨᠡᠯᠬᠡ ᠶᠢᠨ ᠬᠤᠷᠢᠶᠠᠨ ᠤ ᠳᠠᠷᠤᠭ᠎ᠠ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠᠶᠢᠵᠤ᠂ ᠡᠮᠴᠢᠯᠡᠭᠡᠨ ᠤ ᠪᠦᠯᠦᠭᠯᠡᠯ ᠤᠨ | ᠬᠠᠮᠢᠶᠠᠷᠤᠯᠲᠠ ᠶᠢᠨ ᠵᠥᠪᠯᠡᠯ ᠠᠴᠠ ᠤᠷᠢᠨ ᠲᠣᠮᠢᠯᠠᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠠᠴᠠ ᠬᠠᠪᠰᠤᠷᠭᠠᠨ ᠬᠠᠷᠢᠭᠤᠴᠠᠨ᠎ᠠ᠂ | ᠤᠷᠢᠬᠤ ᠬᠤᠭᠤᠴᠠᠭ᠎ᠠ ᠨᠢ 5 ᠵᠢᠯ ᠪᠠᠶᠢᠵᠤ᠂ ᠲᠤᠰᠢᠶᠠᠯ ᠤᠨ ᠬᠤᠭᠤᠴᠠᠭᠠᠨ ᠳᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ | ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷᠠᠬᠢ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠶᠡᠷᠦᠩᠬᠡᠢ | ᠡᠮᠨᠡᠯᠭᠡ ᠶᠢᠨ ᠬᠤᠷᠢᠶ᠎ᠠ ᠶᠢᠨ ᠬᠠᠷᠢᠶ᠎ᠠ ᠪᠦᠬᠦᠢ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠤᠯᠢ ᠶᠢᠨ ᠡᠷᠬᠡᠲᠡᠨ ᠢ ᠠᠰ ᠲᠤᠨᠢ ᠪᠠᠶᠢᠭᠤᠯᠵᠤ᠂ | ᠲᠡᠭᠦᠨ ᠤ ᠨᠢᠭᠡᠴᠡ ᠶᠢᠨ ᠰᠢᠨᠵᠢ ᠴᠢᠨᠠᠷ᠂ ᠵᠠᠰᠠᠭ ᠤᠨ ᠣᠷᠳᠣᠨ ᠤ ᠣᠷᠣᠭᠤᠯᠤᠯᠲᠠ᠂ ᠡᠭᠦᠷᠭᠡ ᠬᠠᠷᠢᠭᠤᠴᠠᠯᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡ᠂ ᠤᠤᠯ ᠤᠨ ᠨᠡᠷᠡᠶᠢᠳᠦᠯ ᠢ ᠥᠯᠥ ᠬᠤᠪᠢᠷᠠᠭᠤᠯᠬᠤ ︽ᠲᠠᠪᠤ ᠶᠢ ᠥᠯᠥ ᠬᠤᠪᠢᠷᠠᠭᠤᠯᠬᠤ︾ ᠵᠠᠷᠴᠢᠮ ᠢ ᠬᠡᠷᠡᠭᠵᠢᠬᠦᠯᠦᠨ᠎ᠡ᠃ ᠶᠡᠷᠦᠩᠬᠡᠢ ᠡᠮᠨᠡᠯᠭᠡ ᠶᠢᠨ | ᠬᠤᠷᠢᠶ᠎ᠠ ᠨᠢ ᠤᠤᠯ ᠤᠨ ᠲᠣᠭᠤᠷᠢᠭ ᠤᠨ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠥᠬᠦ ᠴᠢᠳᠠᠮᠵᠢ ᠵᠢᠴᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠢᠭᠠᠪᠤᠷᠢ ᠶᠢᠨ ᠴᠢᠨᠠᠷᠲᠠᠢ ᠡᠭᠦᠷᠭᠡ ᠶᠢ ᠡᠭᠦᠷᠭᠡᠯᠡᠨ᠎ᠡ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ︶ | 4. ᠠᠵᠢᠯᠲᠠᠨ ᠤ ᠣᠷᠣᠨ ᠲᠤᠭ᠎ᠠ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠨ᠎ᠡ᠃ ︽ᠬᠠᠭᠤᠴᠢᠨ ᠬᠦᠮᠦᠨ ᠬᠠᠭᠤᠴᠢᠨ ᠠᠷᠭ᠎ᠠ᠂ ᠰᠢᠨ᠎ᠡ | ᠬᠥᠮᠥᠨ ᠰᠢᠨ᠎ᠡ ᠠᠷᠭ᠎ᠠ︾ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ ᠶᠢᠨ ᠵᠢᠯᠤᠭᠤᠳᠬᠤ ᠰᠠᠨᠠᠯ︾ ︵ᠥᠪᠥᠷ ᠪᠠᠶᠢᠭᠤᠯᠤᠮᠵᠢ ᠤᠷᠤᠨ ᠠᠯᠪᠠᠨ ᠲᠠᠷᠬᠠᠭᠠᠭᠰᠠᠨ ﹇2015﹈ 163 | ᠳ᠋ᠤᠭᠠᠷ ᠲᠣᠭᠠᠲᠤ︶ ᠢ ᠦᠨᠳᠦᠰᠦᠯᠡᠨ᠂ ᠠᠵᠢᠯᠲᠠᠨ ᠤ ᠡᠵᠡᠮᠳᠡᠬᠦ ᠲᠤᠭ᠎ᠠ ᠶᠢ ᠳᠠᠬᠢᠨ ᠰᠢᠨ᠎ᠡ ᠪᠠᠷ ᠲᠥᠰᠥᠭᠡᠯᠡᠨ ᠪᠤᠳᠤᠵᠤ᠂ ᠣᠷᠣᠨ ᠲᠤᠭ᠎ᠠ ᠶᠢᠨ ᠶᠡᠷᠦᠩᠬᠡᠢ | ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠨ᠂ ᠣᠷᠣᠨ ᠲᠤᠭ᠎ᠠ ᠶᠢ ᠳᠠᠩᠰᠠᠯᠠᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠶᠡᠷᠦᠩᠬᠡᠢ ᠡᠮᠨᠡᠯᠭᠡ ᠶᠢᠨ | ᠬᠤᠷᠢᠶ᠎ᠠ ᠶᠢᠨ ᠳᠣᠲᠣᠷᠠᠬᠢ ᠡᠮᠨᠡᠯᠭᠡ ᠶᠢᠨ ᠠᠵᠢᠯᠲᠠᠨ ᠤ ᠮᠡᠷᠭᠡᠵᠢᠯ ᠤᠨ ᠴᠣᠯᠠ ᠶᠢ ᠤᠷᠢᠨ ᠲᠣᠮᠢᠯᠠᠬᠤ ᠲᠠᠯ᠎ᠠ ᠪᠠᠷ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ | ᠳᠠᠰᠢ ᠬᠡᠯᠪᠡᠶᠢᠯᠭᠡᠵᠦ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠥᠨᠳᠥᠷ ᠨᠠᠰᠤᠨ ᠤ ᠬᠢᠷᠢ ᠬᠡᠮ ᠲᠠᠢ ᠡᠮᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠯᠭᠠᠰᠤᠨ ᠳᠤ | ᠰᠠᠭᠤᠯᠭᠠᠵᠤ ᠲᠣᠰᠬᠤᠨ ᠳᠤ ᠰᠠᠭᠤᠯᠭᠠᠬᠤ ᠳᠦᠷᠢᠮ ᠢ ᠪᠠᠶᠢᠭᠤᠯᠬᠤ ᠶᠢᠨ ᠬᠠᠮᠲᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠶᠢᠨ | ᠴᠢᠬᠤᠯᠠ ᠦᠨᠳᠦᠰᠦᠯᠡᠯ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠲᠣᠭᠤᠷᠢᠭ ᠤᠨ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | 5. ᠴᠠᠯᠢᠩ ᠬᠥᠯᠥᠰᠦ ᠶᠢᠨ ᠳᠦᠷᠢᠮ ᠳᠤ ᠥᠭᠡᠷᠡᠴᠢᠯᠡᠯᠲᠡ ᠬᠢᠨ᠎ᠡ᠃ ︽ᠬᠤᠶᠠᠷ ᠢ ᠵᠥᠪᠰᠢᠶᠡᠷᠡᠬᠦ︾ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ | ᠪᠦᠯᠦᠭᠯᠡᠯ ᠤᠨ ︽ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠪᠠᠲᠤᠯᠠᠭ᠎ᠠ ᠬᠢᠭᠡᠳ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ | ᠤᠷᠮᠠᠰᠢᠭᠤᠯᠬᠤ ᠶᠢ ᠬᠠᠷᠢᠯᠴᠠᠨ ᠤᠶᠠᠯᠳᠤᠭᠤᠯᠬᠤ︾ ᠠᠵᠢᠯᠯᠠᠭᠠᠨ ᠤ ᠰᠢᠨ᠎ᠡ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠶᠢ ᠠᠬᠢᠭᠤᠯᠵᠤ᠂ ᠦᠨᠳᠦᠰᠦᠨ | ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ᠂ ᠴᠢᠳᠠᠪᠤᠷᠢᠲᠠᠨ ᠤ ᠳᠣᠷᠣᠭᠰᠢ ᠪᠠᠭᠤᠬᠤ | ᠪᠠ ᠡᠮᠴᠢᠯᠡᠭᠡᠨ ᠤ ᠪᠦᠯᠦᠭᠯᠡᠯ ᠤᠨ ᠬᠥᠭᠵᠢᠯᠲᠡ ᠳᠤ ᠠᠰᠢᠭᠲᠠᠢ ᠴᠠᠯᠢᠩ ᠬᠥᠯᠥᠰᠦ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠡᠮᠨᠡᠯᠭᠡ ᠶᠢᠨ | ᠠᠵᠢᠯᠲᠠᠨ ᠤ ᠣᠷᠣᠯᠭ᠎ᠠ ᠶᠢ ᠡᠮᠴᠢᠯᠡᠭᠡᠨ ᠤ ᠪᠦᠯᠦᠭᠯᠡᠯ ᠠᠴᠠ ᠪᠡᠶ᠎ᠡ ᠪᠠᠨ ᠳᠠᠭᠠᠭᠠᠨ ᠬᠤᠪᠢᠶᠠᠷᠢᠯᠠᠵᠤ᠂ ᠠᠵᠢᠯ ᠤᠨ ᠪᠠᠶᠢᠷᠢ ᠪᠠᠷ ᠰᠠᠭᠤᠷᠢ ᠪᠣᠯᠭᠠᠨ᠂ ᠠᠵᠢᠯ ᠤᠨ | ᠠᠮᠵᠢᠯᠲᠠ ᠪᠦᠲᠦᠮᠵᠢ ᠪᠠᠷ ᠭᠤᠣᠯ ᠪᠣᠯᠭᠠᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠠᠮᠵᠢᠯᠲᠠ ᠪᠦᠲᠦᠮᠵᠢ ᠪᠠᠷ ᠰᠠᠶᠢᠨ ᠬᠥᠯᠥᠰᠦ ᠣᠯᠭᠤᠮᠵᠢ | ᠣᠯᠬᠤ ᠳᠣᠲᠣᠭᠠᠳᠤ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠬᠤ ᠶᠢᠨ ᠬᠠᠮᠲᠤ᠂ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠪᠠ ᠪᠠᠶᠢᠴᠠᠭᠠᠵᠤ ᠰᠢᠯᠭᠠᠨ | ᠪᠠᠶᠢᠴᠠᠭᠠᠭᠰᠠᠨ ᠣᠷᠣᠯᠭ᠎ᠠ ᠠᠴᠠ ᠰᠠᠯᠭᠠᠨ᠎ᠠ᠃ ᠶᠡᠷᠦᠩᠬᠡᠢ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠳᠤ ᠵᠢᠯ ᠤᠨ ᠴᠠᠯᠢᠩ ᠤᠨ ᠳᠦᠷᠢᠮ ᠢ | ᠬᠡᠷᠡᠭᠵᠢᠭᠦᠯᠬᠦ ᠶᠢ ᠵᠣᠷᠢᠭᠵᠢᠭᠤᠯᠵᠤ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶ᠎ᠠ ᠠᠴᠠ ᠡᠮᠨᠡᠯᠭᠡ ᠶᠢᠨ ᠬᠤᠷᠢᠶᠠᠨ ᠤ ︽ᠭᠤᠷᠪᠠᠨ ᠴᠢᠬᠤᠯᠠ | ᠨᠢᠭᠡ ᠶᠡᠭᠡ︾ ᠶᠢᠨ ᠠᠵᠢᠯ ᠢ ᠰᠤᠳᠤᠯᠤᠨ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠳᠤᠭᠤᠷᠢᠭ ᠤᠨ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠳᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 6. ᠡᠮ ᠡᠮᠨᠡᠯᠬᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠮ ᠡᠮᠨᠡᠯᠬᠡ ᠶᠢᠨ | ᠳᠠᠭᠠᠳᠬᠠᠯ ᠤᠨ ᠠᠵᠤ ᠠᠬᠤᠶ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ | ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠂ ᠶᠡᠷᠦᠩᠬᠡᠶ ᠡᠮᠨᠡᠯᠭᠡ ᠶᠢᠨ ᠬᠤᠷᠢᠶ᠎ᠠ ᠪᠠᠷ ᠨᠢᠬᠡᠴᠡ ᠪᠣᠯᠭᠠᠵᠤ᠂ ᠡᠪᠡᠳᠴᠢᠨ ᠤ ᠲᠥᠷᠥᠯ ᠤᠨ ᠬᠤᠪᠢ | ᠶᠢᠨ ᠦᠷᠳᠡᠭ ︵DIP︶ ᠪᠠᠷ ᠰᠦᠢᠳᠬᠡᠯ ᠲᠤᠰᠢᠶᠠᠬᠤ ᠶᠢ ᠠᠬᠢᠭᠤᠯᠤᠨ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠡᠮ ᠡᠮᠨᠡᠯᠬᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠪᠠᠷ ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠡᠮ ᠡᠮᠨᠡᠯᠬᠡ ᠶᠢᠨ ᠰᠦᠢᠳᠬᠡᠯ ᠤᠨ ᠨᠡᠮᠡᠭᠳᠡᠯ ᠤᠨ ᠨᠣᠷᠮ᠎ᠠ᠂ ᠡᠮ | ᠡᠮᠨᠡᠯᠬᠡ ᠶᠢᠨ ᠳᠠᠭᠠᠳᠬᠠᠯ ᠤᠨ ᠲᠠᠩᠰᠠ ᠠᠴᠠ ᠲᠠᠶᠢᠯᠬᠤ ᠬᠠᠷᠢᠴᠠᠯ᠂ ᠦᠨᠳᠦᠰᠦᠨ ᠱᠠᠲᠤᠨ ᠤ ᠡᠪᠡᠳᠴᠢᠨ ᠦᠵᠡᠭᠦᠯᠬᠦ ᠨᠣᠷᠮ᠎ᠠ᠂ ᠰᠢᠶᠠᠨ ᠤ ᠬᠡᠪᠴᠢᠶᠡᠨ ᠳᠠᠬᠢ | ᠰᠠᠭᠤᠷᠢ ᠮᠥᠩᠭᠦ ᠶᠢᠨ ᠵᠠᠷᠤᠯᠭ᠎ᠠ ᠶᠢᠨ ᠬᠠᠷᠢᠴᠠᠯ᠂ ᠰᠢᠶᠠᠨ ᠤ ᠬᠡᠪᠴᠢᠶᠡᠨ ᠳᠠᠬᠢ ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠡᠮ ᠡᠮᠨᠡᠯᠬᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠵᠡᠯᠡᠬᠦ ᠬᠠᠷᠢᠴᠠᠯ ᠵᠡᠷᠭᠡ ᠲᠠᠯ᠎ᠠ ᠶᠢᠨ ᠰᠢᠯᠭᠠᠨ ᠬᠢᠨᠠᠬᠤ ᠶᠢ ᠴᠢᠩᠭᠠᠳᠬᠠᠨ᠂ ᠦᠯᠡᠳᠡᠪᠦᠷᠢ ᠪᠠᠯᠠ | ᠮᠥᠩᠭᠦ ᠶᠢ ᠶᠡᠷᠦᠩᠬᠡᠶ ᠡᠮᠨᠡᠯᠭᠡ ᠶᠢᠨ ᠬᠤᠷᠢᠶᠠᠨ ᠤ ᠲᠤᠬᠠᠶᠢᠯᠠᠭᠰᠠᠨ ᠠᠵᠢᠯ ᠤᠨ ᠣᠷᠣᠯᠭ᠎ᠠ ᠪᠣᠯᠭᠠᠨ᠎ᠠ᠃ ᠰᠢᠯᠭᠠᠨ ᠬᠢᠨᠠᠵᠤ ᠦᠨᠡᠯᠡᠬᠦ ᠰᠢᠰᠲ᠋ᠧᠮ ᠪᠣᠯᠤᠨ ᠱᠠᠩᠨᠠᠵᠤ | ᠲᠣᠷᠭᠠᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠵᠠᠷᠤᠳᠠᠯ᠂ ᠡᠮᠴᠢᠯᠡᠭᠡᠨ ᠤ | ᠶᠠᠰᠤ ᠴᠢᠨᠠᠷ᠂ ᠦᠢᠯᠡᠴᠢᠯᠡᠭᠡᠨ ᠤ ᠦᠢᠯᠡ ᠠᠵᠢᠯᠯᠠᠭ᠎ᠠ᠂ ᠡᠮᠴᠢ ᠶᠢᠨ ᠮᠣᠷᠠᠯ ᠰᠤᠷᠲᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠳᠬᠠᠯ ᠢ ᠮᠡᠬᠡᠯᠡᠨ | ᠬᠢᠬᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠤᠬᠢᠯᠳᠠ ᠦᠭᠬᠦ ᠶᠢ ᠦᠷᠭᠦᠯᠵᠢᠯᠡᠨ ᠥᠷᠨᠢᠭᠦᠯᠵᠦ᠂ ᠡᠮᠴᠢᠯᠡᠭᠡᠨ ᠤ ᠵᠠᠷᠤᠳᠠᠯ ᠤᠨ ᠵᠦᠢ ᠵᠣᠬᠢᠰ | ᠦᠭᠡᠶ ᠪᠠᠷ ᠨᠡᠮᠡᠭᠳᠡᠬᠦ ᠶᠢ ᠪᠦᠲᠦᠮᠵᠢᠲᠡᠶ ᠬᠤᠷᠢᠭᠯᠠᠵᠤ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠬᠡᠭᠰᠢᠯᠡᠬᠦᠯᠦᠨ᠎ᠡ᠃ ᠡᠪᠡᠳᠴᠢᠨ ᠤ | ᠵᠦᠢᠯ ᠢᠶᠠᠷ ᠰᠦᠢᠳᠬᠡᠯ ᠳᠤᠰᠢᠶᠠᠬᠤ᠂ DIP ᠰᠦᠢᠳᠬᠡᠯ ᠳᠤᠰᠢᠶᠠᠬᠤ ᠠᠷᠭ᠎ᠠ ᠮᠠᠶ᠋ᠢᠭ᠂ ᠦᠢᠯᠡᠴᠢᠯᠡᠭᠡᠨ ᠤ ᠲᠥᠷᠥᠯ ᠵᠦᠢᠯ ᠢᠶᠠᠷ ᠰᠦᠢᠳᠬᠡᠯ ᠳᠤᠰᠢᠶᠠᠬᠤ᠂ | ᠡᠪᠡᠳᠴᠢᠨ ᠡᠮᠭᠡᠭ ᠤᠨ ᠬᠠᠮᠢᠶ᠎ᠠ ᠪᠥᠬᠦᠶ ᠳᠤᠭᠤᠶᠢᠯᠠᠩ ᠬᠤᠪᠢᠶᠠᠨ ᠰᠦᠢᠳᠬᠡᠯ ᠳᠤᠰᠢᠶᠠᠬᠤ ︵DRGs︶ ᠵᠡᠷᠭᠡ ᠬᠠᠷᠢᠯᠴᠠᠨ ᠤᠶᠠᠯᠳᠤᠭᠤᠯᠤᠭᠰᠠᠨ ᠰᠦᠢᠳᠬᠡᠯ | ᠳᠤᠰᠢᠶᠠᠬᠤ ᠲᠦᠷᠢᠮ ᠢ ᠪᠠᠶᠢᠭᠤᠯᠵᠤ᠂ ᠠᠳᠠᠯᠢ ᠪᠤᠰᠤ ᠲᠠᠰ᠂ ᠠᠳᠠᠯᠢ ᠪᠤᠰᠤ ᠲᠥᠷᠥᠯ ᠢᠯᠭᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠬᠡ ᠶᠢᠨ | ᠳᠠᠭᠠᠳᠬᠠᠯ ᠤᠨ ᠵᠦᠷᠢᠶᠡᠴᠢᠯᠡᠭᠰᠡᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢᠨ | ᠵᠦᠶ ᠵᠣᠬᠢᠰᠲᠠᠶ ᠵᠠᠷᠤᠳᠠᠯ ᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠵᠥᠪᠯᠡᠯ ᠠᠴᠠ ᠰᠤᠳᠤᠯᠤᠨ ᠲᠣᠭᠲᠠᠭᠠᠭᠰᠠᠨ ᠤ ᠳᠠᠷᠠᠭ᠎ᠠ ᠳᠤᠭᠤᠷᠢᠭ ᠤᠨ | ᠡᠳ᠋ ᠤᠨ ᠵᠠᠰᠠᠭ ᠠᠴᠠ ᠡᠭᠦᠷᠭᠡᠯᠡᠨ᠎ᠡ᠃ | ︵ᠬᠤᠶᠠᠷ︶ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ᠎ᠠ᠃ | ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠨᠠᠢᠮᠠᠨ ᠨᠢᠭᠡᠳᠦᠯᠲᠡᠢ ᠪᠠᠶᠢᠬᠤ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠳᠤᠭᠤᠷᠢᠭ ᠤᠨ ᠳᠣᠲᠣᠷᠠᠬᠢ ᠡᠮᠴᠢᠯᠡᠭᠡᠨ ᠤ | ᠪᠠᠶᠢᠭᠤᠯᠤᠮᠵᠢ ᠶᠢᠨ ᠨᠢᠭᠡᠳᠦᠯᠲᠡᠢ ᠵᠠᠰᠠᠭ ᠵᠠᠬᠢᠷᠭᠠᠨ ᠤ ᠬᠠᠮᠢᠶᠠᠷᠤᠯᠲᠠ᠂ ᠨᠢᠭᠡᠳᠦᠯᠲᠡᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠨᠢᠭᠡᠳᠦᠯᠲᠡᠢ ᠴᠠᠯᠢᠩ | ᠬᠥᠯᠥᠰᠦ ᠶᠢᠨ ᠳᠦᠷᠢᠮ ᠤᠨ ᠬᠠᠮᠢᠶᠠᠷᠤᠯᠲᠠ᠂ ᠨᠢᠭᠡᠳᠦᠯᠲᠡᠢ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠨᠢᠭᠡᠳᠦᠯᠲᠡᠢ ᠡᠳ᠋ ᠬᠥᠷᠥᠩᠭᠡ ᠶᠢᠨ ᠬᠠᠮᠢᠶᠠᠷᠤᠯᠲᠠ᠂ | ᠨᠢᠭᠡᠳᠦᠯᠲᠡᠢ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠬᠤ ᠬᠠᠮᠢᠶᠠᠷᠤᠯᠲᠠ᠂ ᠨᠢᠭᠡᠳᠦᠯᠲᠡᠢ ᠡᠮ ᠤᠨ ᠪᠠᠭᠠᠵᠢ ᠬᠡᠷᠡᠭᠰᠡᠯ ᠤᠨ ᠬᠠᠮᠢᠶᠠᠷᠤᠯᠲᠠ᠂ | ᠨᠢᠭᠡᠳᠦᠯᠲᠡᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠪᠣᠯᠣᠨ᠎ᠠ᠃ | 1. ᠵᠠᠰᠠᠭ ᠵᠠᠬᠢᠷᠭᠠᠨ ᠤ ᠬᠠᠮᠢᠶᠠᠷᠤᠯᠲᠠ ᠶᠢ ᠨᠢᠭᠡᠳᠬᠡᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠬᠤᠪᠢᠶᠠᠷᠢ ᠡᠮᠨᠡᠯᠭᠡ ᠶᠢᠨ ᠬᠤᠷᠢᠶ᠎ᠠ ᠶᠢᠨ ᠬᠥᠮᠥᠨ᠂ | ᠵᠣᠭᠤᠰ ᠮᠥᠩᠭᠦ᠂ ᠪᠣᠳᠠᠰ ᠢ ᠰᠢᠭᠤᠳ ᠬᠠᠮᠢᠶᠠᠷᠴᠤ᠂ ᠡᠮᠨᠡᠯᠭᠡ ᠶᠢᠨ ᠬᠠᠮᠲᠤ ᠶᠢᠨ ᠪᠠᠶᠢᠭᠤᠯᠤᠮᠵᠢ ᠶᠢᠨ ᠳᠣᠲᠣᠭᠠᠳᠤ ᠶᠢᠨ ᠡᠮᠨᠡᠯᠭᠡ ᠶᠢᠨ ᠠᠵᠢᠯᠲᠠᠨ ᠢ ᠨᠢᠬᠡᠳᠤᠯᠳᠡᠢ | ᠳᠤᠬᠢᠷᠠᠭᠤᠯᠤᠨ᠎ᠠ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2.ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢ ᠨᠢᠭᠡᠳᠬᠡᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠪᠠᠶᠢᠭᠤᠯᠤᠮᠵᠢ ᠶᠢᠨ ᠴᠢᠳᠠᠮᠵᠢ᠂ ᠪᠦᠷᠬᠦᠭᠳᠡᠬᠦ | ᠬᠡᠪᠴᠢᠶ᠎ᠡ᠂ ᠦᠢᠯᠡᠴᠢᠯᠡᠭᠳᠡᠬᠦ ᠬᠥᠮᠥᠨ ᠠᠮᠠ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠦᠨᠳᠦᠰᠦᠯᠡᠨ ᠡᠮ ᠡᠮᠨᠡᠯᠬᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠢ ᠨᠢᠭᠡᠳᠦᠯᠲᠡᠢ ᠤᠷᠢᠨ ᠬᠡᠷᠡᠭᠯᠡᠵᠤ᠂ ᠨᠢᠭᠡᠳᠦᠯᠲᠡᠢ ᠬᠠᠮᠢᠶᠠᠷᠤᠨ᠂ ᠨᠢᠭᠡᠳᠦᠯᠲᠡᠢ ᠳᠤᠬᠢᠷᠠᠭᠤᠯᠤᠨ᠎ᠠ᠃ ᠠᠵᠢᠯᠲᠠᠨ ᠢ | ᠬᠡᠷᠡᠭᠴᠡᠭᠡ ᠪᠠᠷ ᠠᠵᠢᠯ ᠤᠨ ᠪᠠᠶᠢᠷᠢ ᠲᠣᠬᠢᠷᠠᠭᠤᠯᠵᠤ᠂ ᠠᠵᠢᠯ ᠤᠨ ᠪᠠᠶᠢᠷᠢ ᠪᠠᠷ ᠤᠷᠢᠨ ᠬᠡᠷᠡᠭᠯᠡᠵᠦ᠂ ᠭᠡᠷ᠎ᠡ ᠪᠠᠷ ᠬᠠᠮᠢᠶᠠᠷᠤᠨ᠎ᠠ᠃ ︵ᠬᠠᠷᠢᠭᠤᠴᠠᠯᠭᠠᠲᠤ ᠨᠢᠭᠡᠴᠡ᠄ | ᠳᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ᠂ ᠳᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠳᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 3. ᠴᠠᠯᠢᠩ ᠬᠥᠯᠥᠰᠦ ᠶᠢᠨ ᠳᠦᠷᠢᠮ ᠤᠨ ᠬᠠᠮᠢᠶᠠᠷᠤᠯᠲᠠ ᠶᠢ ᠨᠢᠭᠡᠳᠬᠡᠨ᠎ᠡ᠃ ᠶᠡᠷᠦᠩᠬᠡᠢ ᠡᠮᠨᠡᠯᠭᠡ ᠶᠢᠨ ᠬᠤᠷᠢᠶᠠᠨ ᠤ ᠳᠣᠲᠣᠷᠠᠬᠢ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠳᠤ ᠡᠳ᠋ ᠤᠨ ᠶᠠᠪᠤᠳᠠᠯ ᠢ ᠨᠢᠭᠡᠳᠦᠯᠲᠡᠢ ᠬᠠᠮᠢᠶᠠᠷᠬᠤ ᠪᠠ ᠲᠤᠰᠠᠭᠠᠷ ᠲᠣᠭᠠᠴᠠᠭ᠎ᠠ ᠬᠢᠬᠦ ᠶᠢ ᠬᠡᠷᠡᠭᠵᠢᠭᠦᠯᠦᠨ᠎ᠡ᠃ ︽ᠡᠮ ᠡᠮᠨᠡᠯᠬᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠲᠣᠬᠢᠷᠠᠭᠤᠯᠤᠯ ᠡᠵᠡᠮᠳᠡᠯ ᠤᠨ ᠬᠢᠷᠢ | ᠬᠡᠮᠵᠢᠶ᠎ᠡ ᠠᠴᠠ ᠳᠠᠪᠠᠭ᠋ᠤ ᠶᠢ ᠵᠥᠪᠰᠢᠶᠡᠷᠡᠬᠦ᠂ ᠡᠮᠴᠢᠯᠡᠭᠡᠨ ᠤ ᠦᠢᠯᠡᠴᠢᠯᠡᠭᠡᠨ ᠤ ᠣᠷᠣᠯᠭ᠎ᠠ ᠶᠢᠨ ᠥᠪᠡᠷ ᠤᠨ ᠥᠷᠲᠡᠭ ᠢ ᠬᠠᠰᠤᠬᠤ ᠶᠢᠨ ᠬᠠᠮᠲᠤ ᠲᠣᠭᠲᠠᠭᠠᠯ | ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠣᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ ᠶᠢ ᠵᠥᠪᠰᠢᠶᠡᠷᠡᠬᠦ︾ | ᠱᠠᠭᠠᠷᠳᠠᠯᠭ᠎ᠠ ᠶᠣᠰᠣᠭᠠᠷ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠣᠨᠴᠠᠯᠢᠭ ᠲᠤ ᠲᠣᠬᠢᠷᠠᠭᠰᠠᠨ ᠴᠠᠯᠢᠩ ᠬᠥᠯᠥᠰᠦ ᠶᠢᠨ ᠳᠦᠷᠢᠮ ᠢ | ᠰᠦᠪᠡᠭᠴᠢᠯᠡᠨ ᠪᠠᠶᠢᠭᠤᠯᠵᠤ᠂ ᠡᠮᠨᠡᠯᠭᠡ ᠶᠢᠨ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠨ᠎ᠠ᠃ ᠶᠡᠷᠦᠩᠬᠡᠢ | ᠡᠮᠨᠡᠯᠭᠡ ᠶᠢᠨ ᠬᠤᠷᠢᠶ᠎ᠠ ᠶᠢᠨ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠤᠨ᠂ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠢ ᠬᠢᠨᠠᠨ ᠲᠣᠭᠲᠠᠭᠠᠭᠰᠠᠨ ᠶᠡᠷᠦᠩᠬᠡᠢ ᠬᠡᠮᠵᠢᠶᠡᠨ ᠤ ᠳᠣᠲᠣᠷ᠎ᠠ ᠡᠵᠡᠨ ᠮᠡᠳᠡᠵᠦ ᠬᠤᠪᠢᠶᠠᠷᠢᠯᠠᠬᠤ ᠶᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠭᠡᠷ᠎ᠡ ᠲᠣᠭᠲᠠᠨ ᠦᠢᠯᠡᠴᠢᠯᠡᠬᠦ ᠡᠮ ᠡᠮᠨᠡᠯᠬᠡ ᠡᠷᠡᠭᠦᠯ ᠬᠠᠮᠠᠭᠠᠯᠠᠯ ᠤᠨ ᠠᠵᠢᠯᠲᠠᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠶᠢ ᠠᠬᠢᠭᠤᠯᠵᠤ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠠᠵᠢᠯᠲᠠᠨ ᠤ ᠴᠠᠭ ᠨᠡᠮᠡᠵᠦ ᠠᠵᠢᠯᠯᠠᠬᠤ᠂ ᠵᠢᠵᠢᠭᠦᠷᠯᠡᠬᠦ᠂ ᠲᠣᠭᠤᠷᠢᠨ | ᠡᠮᠴᠢᠯᠡᠬᠦ᠂ ᠦᠨᠳᠦᠰᠦᠨ ᠱᠠᠲᠤᠨ ᠤ ᠠᠵᠢᠯ ᠵᠡᠷᠭᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠭᠦᠢᠴᠡᠳᠬᠡᠯ ᠲᠤᠭ᠎ᠠ ᠶᠢᠨ ᠳᠤᠭᠳᠠᠯᠴᠠᠭ᠎ᠠ ᠳᠤ ᠨᠢᠭᠡᠳᠦᠯᠲᠡᠢ ᠣᠷᠣᠭᠤᠯᠤᠨ᠎ᠠ᠃ ᠳᠡᠳ᠋ ᠬᠤᠷᠢᠶᠠᠨ ᠳᠠᠷᠤᠭ᠎ᠠ ᠶᠢᠨ ᠵᠢᠯ ᠤᠨ ᠴᠠᠯᠢᠩ ᠤᠨ ᠳᠦᠷᠢᠮ ᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠳᠤᠭᠤᠷᠢᠭ ᠤᠨ ᠬᠥᠮᠥᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠳᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠨᠢᠭᠡᠳᠬᠡᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠳᠦᠷᠢᠮ ᠲᠣᠭᠲᠠᠭᠠᠯ ᠢᠶᠠᠨ ᠨᠢᠭᠡᠳᠬᠡᠵᠦ᠂ | ᠠᠵᠢᠯᠲᠠᠨ ᠤ ᠪᠣᠯᠪᠠᠰᠤᠷᠠᠯ ᠢᠶᠠᠨ ᠨᠢᠭᠡᠳᠬᠡᠵᠦ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠨᠢᠭᠡᠳᠬᠡᠨ᠎ᠡ᠃ ᠪᠦᠷᠢᠯᠳᠦᠭᠦᠨ ᠡᠮᠨᠡᠯᠭᠡ ᠶᠢᠨ ᠬᠤᠷᠢᠶ᠎ᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠮᠡᠷᠭᠡᠵᠢᠯ ᠤᠨ ᠣᠨᠴᠠᠯᠢᠭ ᠶᠣᠰᠣᠭᠠᠷ᠂ ᠵᠦᠢ ᠵᠣᠬᠢᠰᠲᠠᠢ ᠪᠠᠶᠢᠷᠢᠰᠢᠭᠤᠯᠵᠤ᠂ ᠣᠨᠴᠠᠯᠢᠭᠲᠤ ᠬᠤᠪᠢᠶᠠᠷᠢ ᠬᠤᠷᠢᠶ᠎ᠠ ᠶᠢ | ᠭᠤᠣᠯᠳᠠᠯᠭ᠎ᠠ ᠲᠠᠢ ᠪᠠᠶᠢᠭᠤᠯᠤᠨ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠪᠠᠷᠢᠮᠵᠢᠶ᠎ᠠ ᠶᠢ | ᠲᠣᠭᠲᠠᠭᠠᠨ ᠲᠡᠭᠦᠯᠳᠡᠷᠵᠢᠭᠦᠯᠵᠦ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠳᠦᠷᠢᠮ ᠢ ᠪᠦᠷᠢᠨᠰᠢᠭᠦᠯᠦᠨ᠂ ᠶᠡᠷᠦᠩᠬᠡᠢ ᠡᠮᠨᠡᠯᠭᠡ ᠶᠢᠨ ᠬᠤᠷᠢᠶ᠎ᠠ ᠳᠤ | ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠪᠠ ᠴᠢᠨᠠᠷ ᠰᠠᠶᠢᠲᠠᠢ ᠰᠤᠪᠢᠯᠠᠬᠤ ᠦᠢᠯᠡᠴᠢᠯᠡᠭᠡ ᠶᠢ ᠠᠯᠬᠤᠮ ᠠᠯᠬᠤᠮ ᠢᠶᠠᠷ ᠪᠥᠬᠦ ᠲᠠᠯ᠎ᠠ ᠪᠠᠷ ᠳᠡᠯᠭᠡᠷᠡᠭᠦᠯᠵᠦ᠂ ᠡᠮ | ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠵᠢᠷᠤᠮᠵᠢᠭᠤᠯᠬᠤ᠂ ᠠᠳᠠᠯᠢ ᠴᠢᠨᠠᠷᠵᠢᠭᠤᠯᠬᠤ ᠶᠢ ᠪᠡᠶᠡᠯᠡᠭᠦᠯᠦᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ | ᠪᠦᠷᠢᠯᠳᠦᠭᠦᠨ ᠨᠢᠭᠡᠴᠡ ᠨᠦᠭᠦᠳ ᠲᠣᠰ ᠪᠡᠶ᠎ᠡ ᠶᠢᠨ ᠦᠨᠳᠦᠰᠦᠨ ᠡᠮᠴᠢᠯᠡᠭᠡ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠡᠭᠦᠷᠭᠡ ᠴᠢᠳᠠᠪᠤᠷᠢ ᠪᠠᠨ ᠴᠢᠩᠭᠠᠷᠠᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠪᠥᠬᠦ ᠲᠠᠯ᠎ᠠ ᠪᠠᠷ ᠬᠡᠷᠡᠭᠵᠢᠬᠦᠯᠦᠨ᠎ᠡ ︵ᠬᠠᠷᠢᠭᠤᠴᠠᠬᠤ | ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 5. ᠡᠳ᠋ ᠬᠥᠷᠥᠩᠭᠡ ᠶᠢᠨ ᠬᠠᠮᠢᠶᠠᠷᠤᠯᠲᠠ ᠶᠢ ᠨᠢᠭᠡᠳᠬᠡᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠲᠣᠭᠲᠠᠮᠠᠯ ᠬᠥᠷᠥᠩᠭᠡ ᠶᠢᠨ ᠲᠤᠰᠬᠠᠢ ᠲᠠᠩᠰᠠ | ᠪᠠᠶᠢᠭᠤᠯᠵᠤ᠂ ᠲᠣᠰ ᠲᠣᠰ ᠡᠬᠡ ᠲᠠᠩᠰᠠ ᠪᠠᠶᠢᠭᠤᠯᠤᠨ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠡᠯ᠎ᠡ ᠪᠠᠶᠢᠭᠤᠯᠤᠮᠵᠢ ᠶᠢᠨ ᠲᠣᠭᠲᠠᠮᠠᠯ ᠬᠥᠷᠥᠩᠭᠡ ᠳᠤ | ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠨᠢᠭᠡᠴᠡ ᠶᠢᠨ ᠣᠨᠣᠰᠢᠯᠠᠨ ᠡᠮᠨᠡᠬᠦ ᠲᠥᠬᠦᠭᠡᠷᠦᠮᠵᠢ ᠶᠢᠨ ᠥᠮᠴᠢᠯᠡᠬᠦ ᠡᠷᠬᠡ ᠶᠢ ᠬᠤᠪᠢᠷᠠᠭᠤᠯᠬᠤ ᠦᠭᠡᠢ | ᠪᠠᠶᠢᠬᠤ ᠶᠢ ᠪᠠᠲᠤᠯᠠᠭᠰᠠᠨ ᠪᠠᠶᠢᠳᠠᠯ ᠳᠣᠣᠷ᠎ᠠ᠂ ᠶᠡᠷᠦᠩᠬᠡᠢ ᠡᠮᠨᠡᠯᠭᠡ ᠶᠢᠨ ᠬᠤᠷᠢᠶ᠎ᠠ ᠠᠴᠠ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ | ᠨᠢᠭᠡᠳᠦᠯᠲᠡᠢ ᠲᠣᠬᠢᠷᠠᠭᠤᠯᠤᠨ ᠬᠡᠷᠡᠭᠯᠡᠵᠦ ᠪᠣᠯᠣᠨ᠎ᠠ᠃ ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠳᠤᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 6. ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠮᠢᠶᠠᠷᠤᠯᠲᠠ ᠶᠢ ᠨᠢᠭᠡᠳᠬᠡᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠦᠨᠡᠨᠬᠦ | ᠶᠠᠪᠤᠭᠳᠠᠭᠤᠰᠢᠲᠠᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠥᠰᠥᠯ ᠢ ᠲᠣᠭᠲᠠᠭᠠᠵᠤ᠂ ᠠᠵᠢᠯ ᠤᠨ ᠪᠠᠶᠢᠷᠢ ᠶᠢᠨ ᠴᠠᠯᠢᠩ᠂ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠰᠢᠯᠭᠠᠨ ᠬᠢᠨᠠᠵᠤ ᠣᠯᠭᠤᠬᠤ ᠠᠷᠭ᠎ᠠ ᠶᠢ ᠲᠣᠭᠲᠠᠭᠠᠨ᠂ ᠡᠮᠨᠡᠯᠭᠡ ᠶᠢᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | 40% ᠶᠢᠨ ᠴᠠᠯᠢᠩ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠯᠤᠭ᠎ᠠ ᠬᠤᠯᠪᠣᠭᠳᠠᠭᠤᠯᠤᠨ᠂ ᠲᠡᠭᠰᠢᠳᠬᠡᠬᠦ ᠦᠵᠡᠯ ᠢ ᠲᠤᠶᠢᠯᠪᠤᠷᠢᠲᠠᠢ ᠡᠪᠳᠡᠵᠦ᠂ ᠬᠥᠳᠡᠯᠮᠦᠷᠢᠯᠡᠭᠰᠡᠨ ᠤ ᠬᠢᠨᠢ ᠬᠢᠷᠢ ᠪᠠᠷ | ᠠᠵᠢᠯ ᠤᠨ ᠠᠮᠵᠢᠯᠲᠠ ᠪᠦᠲᠦᠮᠵᠢ ᠪᠠᠷ ᠨᠢ ᠬᠤᠪᠢᠶᠠᠷᠢᠯᠠᠬᠤ ᠬᠠᠷᠠᠯᠲᠠ ᠶᠢ ᠪᠡᠶᠡᠯᠡᠭᠦᠯᠦᠨ᠂ ᠡᠮᠨᠡᠯᠭᠡ ᠶᠢᠨ ᠠᠵᠢᠯᠲᠠᠨ ᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ | ᠤᠯᠠᠮ ᠨᠢᠭᠡ ᠠᠯᠬᠤᠮ ᠳᠡᠬᠡᠭᠰᠢᠯᠡᠬᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠳᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠤᠭᠤᠷᠢᠭ | ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 7. ᠡᠮ ᠤᠨ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢ ᠨᠢᠭᠡᠳᠬᠡᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠠᠷᠤ ᠲᠠᠯ᠎ᠠ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠥᠪ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠭᠦᠨ ᠨᠢᠭᠡᠴᠡ ᠶᠢᠨ ᠡᠮ ᠤᠨ ᠵᠦᠢᠯ᠂ ᠲᠥᠬᠦᠭᠡᠷᠦᠮᠵᠢ᠂ ᠬᠤᠷᠣᠭᠳᠠᠯ | ᠮᠠᠲ᠋ᠧᠷᠢᠶᠠᠯ ᠵᠡᠷᠭᠡ ᠡᠳ᠋ ᠪᠠᠷᠠᠭ᠎ᠠ ᠶᠢ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠶᠢ ᠬᠠᠷᠢᠭᠤᠴᠠᠵᠤ᠂ ᠠᠵᠢᠯᠯᠠᠭᠠᠨ ᠤ ᠪᠠᠲᠤᠯᠠᠭ᠎ᠠ ᠶᠢᠨ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠮᠴᠢᠯᠡᠭᠡᠨ ᠤ ᠪᠦᠯᠦᠭᠯᠡᠯ ᠤᠨ ᠳᠣᠲᠣᠷᠠᠬᠢ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠳᠤ ᠨᠢᠭᠡᠳᠦᠯᠲᠡᠢ ᠭᠠᠷᠴᠠᠭ᠂ ᠨᠢᠭᠡᠳᠦᠯᠲᠡᠢ | ᠬᠤᠳᠠᠯᠳᠤᠨ ᠠᠪᠬᠤ᠂ ᠨᠢᠭᠡᠳᠦᠯᠲᠡᠢ ᠳᠤᠭᠠᠴᠠᠭ᠎ᠠ ᠬᠢᠬᠦ᠂ ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠵᠦ᠂ ᠡᠵᠡᠩᠨᠡᠯᠲᠡ ᠶᠢᠨ ᠥᠪᠡᠷ ᠤᠨ ᠥᠷᠲᠡᠭ ᠢ ᠤᠯᠠᠮ ᠨᠢᠭᠡ | ᠠᠯᠬᠤᠮ ᠪᠠᠭᠤᠷᠠᠭᠤᠯᠤᠨ᠂ ᠡᠮᠴᠢᠯᠡᠭᠡᠨ ᠤ ᠬᠠᠮᠲᠤ ᠶᠢᠨ ᠴᠤᠭᠴᠠ ᠶᠢᠨ ᠳᠣᠲᠣᠭᠠᠳᠤ ᠶᠢᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠡᠮ ᠤᠨ | ᠵᠣᠯᠭᠠᠭᠤᠯᠤᠯᠲᠠ ᠶᠢ ᠪᠠᠲᠤᠯᠠᠵᠤ᠂ ᠣᠯᠠᠨ ᠲᠦᠮᠡᠨ ᠤ ᠦᠨᠳᠦᠰᠦᠨ ᠱᠠᠲᠤᠨ ᠳᠤ ᠡᠪᠡᠳᠴᠢᠨ ᠦᠵᠡᠭᠦᠯᠵᠦ ᠡᠮ ᠠᠪᠬᠤ ᠳᠤ ᠲᠥᠬᠦᠮ ᠦᠵᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 8᠂ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠬᠡᠨ᠎ᠡ᠃ ᠡᠮᠴᠢᠯᠡᠭᠡᠨ ᠤ ᠪᠦᠯᠦᠭᠯᠡᠯ ᠤᠨ ᠳᠣᠲᠣᠷᠠᠬᠢ ᠡᠯ᠎ᠡ ᠱᠠᠲᠤᠨ ᠤ | ᠡᠯ᠎ᠡ ᠲᠥᠷᠥᠯ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠠᠬᠢᠭᠤᠯᠵᠤ᠂ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠ ᠡᠯᠧᠺᠲᠷᠣᠨ ᠡᠪᠡᠳᠴᠢᠨ ᠤ ᠳᠡᠤᠬᠡ ᠶᠢ ᠦᠷᠭᠦᠯᠵᠢᠯᠡᠨ ᠲᠡᠮᠳᠡᠭᠯᠡᠬᠦ ᠶᠢ | ᠪᠡᠶᠡᠯᠡᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳ᠋ᠤᠭᠠᠷᠯᠠᠯ ᠢ ᠨᠢᠭᠡᠳᠦᠯᠲᠡᠢ ᠪᠣᠯᠭᠠᠵᠤ᠂ ᠡᠮᠴᠢᠯᠡᠭᠡᠨ ᠤ ᠪᠦᠯᠦᠭᠯᠡᠯ ᠤᠨ | ᠳᠣᠲᠣᠷᠠᠬᠢ ᠡᠮ ᠡᠮᠨᠡᠯᠬᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢ ᠪᠦᠲᠦᠮᠵᠢᠲᠡᠶ ᠬᠠᠮᠲᠤᠪᠠᠷ ᠡᠳ᠋ᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠡᠮᠴᠢᠯᠡᠭᠡᠨ ᠤ ᠪᠦᠯᠦᠭᠯᠡᠯ ᠤᠨ ᠳᠣᠲᠣᠷᠠᠬᠢ ᠱᠠᠲᠤ ᠬᠤᠪᠢᠶᠠᠨ ᠣᠨᠣᠰᠢᠯᠠᠨ ᠡᠮᠨᠡᠬᠦ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠬᠤᠣᠰ ᠴᠢᠭᠯᠡᠯ ᠢᠶᠠᠷ | ᠰᠢᠯᠵᠢᠭᠦᠯᠦᠨ ᠣᠨᠣᠰᠢᠯᠠᠬᠤ ᠮᠡᠳᠡᠭᠡ ᠵᠠᠩᠭᠢ ᠶᠢᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠢᠨᠲ᠋ᠧᠷ ᠰᠦᠯᠵᠢᠶᠡᠨ ᠤ ᠣᠨᠣᠰᠢᠯᠠᠨ ᠡᠮᠨᠡᠬᠦ | ᠦᠢᠯᠡᠴᠢᠯᠡᠭᠡ ᠶᠢ ᠠᠬᠢᠭᠤᠯᠵᠤ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠳᠦᠯ ᠢ ᠪᠠᠳᠠᠷᠠᠭᠤᠯᠤᠨ᠂ ᠡᠮᠴᠢᠯᠡᠭᠡᠨ ᠤ ᠪᠦᠯᠦᠭᠯᠡᠯ ᠳᠠᠬᠢ ᠠᠯᠤᠰ ᠡᠵᠡᠮᠰᠢᠯᠲᠦ | ᠡᠮᠴᠢᠯᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠯᠳᠦᠭᠦᠯᠵᠦ᠂ ᠦᠨᠳᠦᠰᠦᠨ ᠱᠠᠲᠤᠨ ᠳᠤ ᠠᠯᠤᠰ ᠡᠵᠡᠮᠰᠢᠯᠲᠦ ᠵᠢᠷᠤᠭ ᠳᠦᠷᠰᠦ᠂ ᠠᠯᠤᠰ ᠡᠵᠡᠮᠰᠢᠯᠲᠦ | ᠵᠢᠷᠦᠬᠡᠨ ᠤ ᠯᠤᠭᠰᠢᠯᠳᠠ ᠶᠢᠨ ᠵᠢᠷᠤᠭ ︵ᠵᠢᠷᠤᠬᠡᠨ ᠤ ᠯᠤᠭᠰᠢᠯᠳᠠ ᠶᠢᠨ ᠵᠢᠷᠤᠭ ᠨᠢᠭᠡ ᠰᠦᠯᠵᠢᠶᠡᠵᠢᠯᠳᠡ︶᠂ ᠠᠯᠤᠰ ᠡᠵᠡᠮᠰᠢᠯ ᠢᠶᠠᠷ ᠬᠠᠮᠲᠤᠷᠠᠨ ᠣᠨᠣᠰᠢᠯᠠᠬᠤ᠂ | ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠵᠡᠷᠭᠡ ᠦᠢᠯᠡᠴᠢᠯᠡᠭᠡ ᠬᠠᠩᠭᠠᠵᠤ᠂ ᠡᠪᠡᠳᠴᠢᠲᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ | ᠲᠥᠬᠦᠮ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ᠂ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠭᠤᠷᠪᠠ︶ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠨᠠᠶᠢᠳᠠᠪᠤᠷᠢᠵᠢᠭᠤᠯᠤᠨ᠎ᠠ | 1. ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠶᠡᠷᠦᠩᠬᠡᠢ | ᠡᠮᠨᠡᠯᠭᠡ ᠶᠢᠨ ᠬᠤᠷᠢᠶᠠᠨ ᠤ ᠳᠠᠪᠠᠭᠤᠯᠢᠭ ᠢ ᠪᠠᠳᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ︵ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ︶ ᠶᠢᠨ ᠡᠪᠡᠳᠴᠢᠳᠡᠨ ᠤ ᠣᠷᠣ ᠶᠢᠨ ᠣᠷᠣᠨ ᠲᠤᠭ᠎ᠠ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠶᠢᠨ ᠠᠵᠢᠯᠲᠠᠨ ᠪᠠ ᠮᠡᠷᠭᠡᠵᠢᠯ ᠤᠨ ᠦᠢᠯᠡᠴᠢᠯᠡᠭᠡ ᠶᠢ ᠵᠦᠢ ᠵᠣᠬᠢᠰᠲᠠᠢ ᠪᠠᠷ ᠰᠢᠯᠵᠢᠭᠦᠯᠬᠦ | ᠲᠣᠭᠲᠠᠴᠠ᠂ ᠴᠢᠳᠠᠪᠤᠷᠢᠲᠠᠨ ᠢ ᠬᠥᠮᠥᠵᠢᠭᠦᠯᠦᠨ ᠤᠷᠮᠠᠰᠢᠭᠤᠯᠬᠤ ᠲᠣᠭᠲᠠᠴᠠ ᠪᠠ ᠡᠮ ᠡᠮᠨᠡᠯᠬᠡ ᠶᠢᠨ ᠳᠠᠭᠠᠳᠬᠠᠯ ᠤᠨ ᠲᠠᠩᠰᠠ ᠠᠴᠠ ᠲᠠᠶᠢᠯᠬᠤ ᠶᠢ | ᠵᠦᠷᠢᠶᠡᠵᠢᠬᠦᠯᠦᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠴᠠᠭ ᠬᠤᠭᠤᠴᠠᠭ᠎ᠠ ᠨᠢ ᠬᠠᠷᠢᠴᠠᠩᠭᠤᠢ | ᠲᠣᠭᠲᠠᠪᠤᠷᠢᠲᠠᠢ ᠲᠤᠰᠬᠠᠢ ᠮᠡᠷᠭᠡᠵᠢᠯᠲᠡᠨ ᠤ ᠠᠵᠢᠯᠯᠠᠬᠤ ᠲᠠᠰᠤᠭ ᠪᠠ ᠲᠤᠰᠬᠠᠢ ᠮᠡᠷᠭᠡᠵᠢᠯᠲᠡᠨ ᠤ ᠡᠭᠦᠳᠡᠨ ᠡᠮᠨᠡᠯᠭᠡ ᠪᠠᠶᠢᠭᠤᠯᠵᠤ᠂ ᠵᠢᠭᠠᠨ ᠰᠤᠷᠭᠠᠯᠲᠠ ᠥᠷᠥᠭᠡ | ᠪᠠᠶᠢᠴᠠᠭᠠᠬᠤ᠂ ᠮᠡᠰᠡ ᠵᠠᠰᠠᠯ ᠤᠨ ᠵᠢᠱᠢᠶ᠎ᠡ ᠦᠵᠡᠭᠦᠯᠬᠦ᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠬᠦ᠂ ᠡᠷᠡᠭᠦᠯ ᠮᠡᠨᠳᠦ ᠶᠢᠨ ᠤᠬᠠᠭᠤᠯᠭ᠎ᠠ ᠬᠢᠬᠦ᠂ ᠤᠳᠠᠭᠠᠨ ᠴᠢᠨᠠᠷᠲᠠᠢ | ᠡᠪᠡᠳᠴᠢᠲᠡᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠨᠢᠭᠡᠨᠲᠡ | ᠥᠷᠨᠢᠭᠦᠯᠦᠭᠰᠡᠨ ᠪᠣᠯᠪᠠᠰᠤᠷᠠᠩᠭᠤᠢ ᠡᠮᠴᠢᠯᠡᠭᠡᠨ ᠤ ᠮᠡᠷᠭᠡᠵᠢᠯ ᠤᠨ ᠳᠣᠲᠣᠷ᠎ᠠ ᠠᠴᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠥᠷᠨᠢᠭᠦᠯᠬᠦ ᠳᠤ | ᠲᠣᠬᠢᠷᠠᠬᠤ ᠣᠨᠣᠰᠢᠯᠠᠨ ᠡᠮᠨᠡᠬᠦ ᠮᠡᠷᠭᠡᠵᠢᠯ ᠪᠠ ᠲᠥᠷᠥᠯ ᠵᠦᠢᠯ ᠤᠨ ᠳᠡᠯᠭᠡᠷᠡᠭᠦᠯᠦᠯᠲᠡ᠂ ᠬᠡᠷᠡᠭᠵᠢᠭᠦᠯᠦᠯᠲᠡ ᠶᠢ ᠰᠢᠯᠢᠨ ᠰᠣᠩᠭᠤᠬᠤ ᠶᠢᠨ ᠬᠠᠮᠲᠤ᠂ ᠲᠤᠬᠠᠢ ᠶᠢᠨ | ᠴᠠᠭ ᠤᠨ ᠵᠢᠯᠣᠭᠤᠳᠤᠯᠭ᠎ᠠ ᠬᠠᠩᠭᠠᠨ᠎ᠠ᠃ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠲᠣᠬᠢᠷᠠᠮᠵᠢᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠪᠠ ᠪᠤᠰᠤᠳ | ᠲᠤᠰᠬᠠᠢ ᠮᠡᠷᠭᠡᠵᠢᠯ ᠤᠨ ᠵᠦᠢᠯᠡᠰ ᠢ ᠰᠣᠩᠭᠤᠵᠤ ᠪᠦᠷᠢᠯᠳᠦᠭᠦᠨ ᠨᠢᠭᠡᠴᠡ ᠲᠠᠢ ᠬᠠᠮᠲᠤ ᠪᠠᠷ ᠥᠷᠨᠢᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠦᠨᠳᠦᠰᠦᠨ | ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠪᠠᠭᠤᠯᠭᠠᠵᠤ᠂ ᠲᠡᠳᠡᠨ ᠤ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠡᠮᠴᠢᠯᠡᠭᠡᠨ ᠤ ᠶᠠᠰᠤ ᠴᠢᠨᠠᠷ ᠢ ᠠᠳᠠᠯᠢ ᠴᠢᠨᠠᠷᠵᠢᠭᠤᠯᠬᠤ ᠶᠢ ᠪᠡᠶᠡᠯᠡᠭᠦᠯᠵᠦ᠂ ᠳᠡᠭᠡᠳᠦ ᠱᠠᠲᠤᠨ ᠤ ᠡᠮᠴᠢ ᠶᠢᠨ ᠲᠣᠭᠲᠠᠮᠠᠯ ᠬᠤᠭᠤᠴᠠᠭ᠎ᠠ ᠲᠠᠢ ᠪᠠᠷ | ᠬᠥᠳᠡᠭᠡ ᠪᠠᠭᠤᠬᠤ ᠳᠦᠷᠢᠮ ᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ︔ ᠤᠯᠠᠨ ᠲᠦᠮᠡᠨ ᠢ | ᠤᠬᠠᠮᠰᠠᠷ ᠠᠴᠠ ᠪᠠᠨ ᠰᠠᠶᠢᠨ ᠳᠤᠷ᠎ᠠ ᠠᠴᠠ ᠪᠠᠨ ᠦᠨᠳᠦᠰᠦᠨ ᠱᠠᠲᠤᠨ ᠳᠤ ᠦᠯᠡᠳᠡᠵᠦ ᠡᠪᠡᠳᠴᠢᠨ ᠦᠵᠡᠭᠦᠯᠬᠦ ᠪᠣᠯᠭᠠᠵᠤ᠂ ᠤᠯᠠᠨ ᠲᠦᠮᠡᠨ ᠤ ᠬᠠᠨᠤᠮᠵᠢ ᠶᠢᠨ | ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠥᠮᠥᠰ ᠢᠶᠠᠷ ᠭᠤᠣᠯ | ᠪᠣᠯᠭᠠᠨ᠂ ᠦᠨᠳᠦᠰᠦᠨ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠᠷ ᠰᠠᠭᠤᠷᠢ ᠪᠣᠯᠭᠠᠵᠤ᠂ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠦᠨ᠂ ᠭᠡᠷ᠎ᠡ ᠲᠣᠭᠲᠠᠬᠤ ᠦᠢᠯᠡᠴᠢᠯᠡᠭᠡᠨ ᠤ ᠬᠢᠷᠢ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ | ᠳᠡᠭᠡᠭᠰᠢᠯᠡᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠪᠠ ᠬᠦᠷᠴᠦ | ᠪᠣᠯᠬᠤᠶᠢᠴᠠ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ᠭᠡᠷ᠎ᠡ ᠲᠣᠭᠲᠠᠬᠤ ᠦᠢᠯᠡᠴᠢᠯᠡᠭᠡ ᠶᠢ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ | ᠳᠤᠭᠤᠷᠢᠭ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ︶ | 3. ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ | ᠪᠡᠶᠡᠯᠡᠭᠦᠯᠦᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠬᠢᠭᠡᠳ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠪᠠᠶᠢᠭᠤᠯᠤᠮᠵᠢ᠂ ᠡᠷᠡᠭᠦᠯ ᠮᠡᠨᠳᠦ ᠶᠢᠨ ᠬᠥᠮᠦᠵᠢᠯ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠠᠵᠢᠯᠲᠠᠨ ᠢ ᠳᠠᠪᠲᠠᠨ | ᠪᠣᠯᠪᠠᠰᠤᠷᠠᠭᠤᠯᠬᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ᠂ ᠬᠤᠲᠠ ᠶᠢᠨ ᠡᠮᠴᠢᠯᠡᠭᠡᠨ ᠤ ᠪᠦᠯᠦᠭᠯᠡᠯ ᠢ ᠪᠦᠲᠦᠭᠡᠨ ᠪᠠᠶᠢᠭᠤᠯᠬᠤ᠂ | ᠠᠯᠤᠰ ᠠᠴᠠ ᠬᠠᠮᠲᠤᠷᠠᠨ ᠣᠨᠣᠰᠢᠯᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠣᠨᠣᠰᠢᠯᠠᠨ | ᠡᠮᠨᠡᠬᠦ ᠬᠢᠷᠢ ᠬᠡᠮᠵᠢᠶ᠎ᠡ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠶᠢᠩᠭᠤ | ᠲᠣᠬᠢᠶᠠᠯᠳᠤᠳᠠᠭ ᠡᠪᠡᠳᠴᠢᠨ ᠢ ᠡᠮᠨᠡᠯᠭᠡ ᠳᠤ ᠰᠠᠭᠤᠬᠤ ᠭᠠᠷᠬᠤ ᠪᠠ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠳᠦᠷᠢᠮ ᠢ ᠲᠣᠭᠲᠠᠭᠠᠵᠤ᠂ ᠬᠤᠣᠰ ᠴᠢᠭᠯᠡᠯ ᠢᠶᠠᠷ | ᠰᠢᠯᠵᠢᠭᠦᠯᠦᠨ ᠡᠮᠨᠡᠭᠦᠯᠬᠦ ᠴᠤᠪᠤᠷᠠᠯ ᠢ ᠲᠡᠭᠦᠯᠳᠡᠷᠵᠢᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠬᠠᠮᠢᠶᠠᠷᠤᠯᠲᠠ ᠶᠢᠨ ᠠᠵᠢᠯᠲᠠᠨ ᠢ ᠲᠡᠭᠦᠯᠳᠡᠷᠵᠢᠭᠦᠯᠵᠦ᠂ | ᠶᠡᠷᠦᠩᠬᠡᠢ ᠡᠮᠨᠡᠯᠭᠡ ᠶᠢᠨ ᠬᠤᠷᠢᠶ᠎ᠠ ᠬᠢᠭᠡᠳ ᠬᠠᠷᠢᠶ᠎ᠠ ᠪᠦᠬᠦᠢ ᠡᠮ ᠡᠮᠨᠡᠯᠬᠡ ᠡᠷᠡᠭᠦᠯ ᠬᠠᠮᠠᠭᠠᠯᠠᠯ ᠤᠨ ᠨᠢᠭᠡᠴᠡ ᠶᠢᠨ ᠡᠮᠬᠢ ᠵᠢᠷᠤᠮ ᠲᠠᠢ ᠪᠠᠷ ᠰᠢᠯᠵᠢᠭᠦᠯᠦᠨ | ᠡᠮᠨᠡᠭᠦᠯᠬᠦ ᠶᠢ ᠪᠡᠶᠡᠯᠡᠭᠦᠯᠦᠨ᠎ᠡ᠃ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠤᠯᠪᠣᠭᠠᠲᠤ ᠴᠣᠭᠴᠠ᠂ ᠲᠤᠰᠬᠠᠢ ᠰᠠᠯᠠᠭᠠᠨ ᠤ ᠬᠤᠯᠪᠣᠭ᠎ᠠ᠂ ᠠᠯᠤᠰ | ᠡᠮᠴᠢᠯᠡᠭᠡᠨ ᠤ ᠬᠠᠮᠵᠢᠯᠴᠠᠭ᠎ᠠ ᠵᠡᠷᠭᠡ ᠵᠠᠭᠪᠤᠷ ᠢᠶᠠᠷ ᠳᠠᠮᠵᠢᠭᠤᠯᠤᠨ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠪᠠᠨ | ᠴᠢᠩᠭᠠᠳᠬᠠᠬᠤ ᠶᠢ ᠵᠣᠷᠢᠭᠵᠢᠭᠤᠯᠵᠤ᠂ ᠦᠨᠳᠦᠰᠦᠨ ᠱᠠᠲᠤᠨ ᠳᠤ ᠠᠩᠬ᠎ᠠ ᠤᠨᠤᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠤᠨᠤᠰᠢᠯᠠᠬᠤ᠂ ᠲᠦᠷᠭᠡᠨ ᠪᠠ | ᠤᠳᠠᠭᠠᠨ ᠴᠢᠨᠠᠷᠳᠠᠢ ᠡᠪᠡᠳᠴᠢᠨ ᠢ ᠰᠠᠯᠭᠠᠨ ᠡᠮᠨᠡᠬᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ ᠱᠠᠲᠤ ᠬᠤᠪᠢᠶᠠᠨ ᠣᠨᠣᠰᠢᠯᠠᠨ ᠡᠮᠨᠡᠬᠦ ᠰᠢᠨ᠎ᠡ | ᠡᠮᠬᠢ ᠳᠢᠭᠯᠢᠮ ᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠡᠮ | ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ︶ | 4. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠴᠢᠩᠭᠠᠷᠠᠭᠤᠯᠤᠨ᠎ᠠ᠃ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠳᠤ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠪ ᠭᠠᠷᠭᠠᠵᠤ᠂ ︽ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠵᠢᠷᠤᠮᠵᠢᠯ ︵ᠭᠤᠷᠪᠠᠳᠤᠭᠠᠷ ᠬᠡᠪᠯᠡᠯ︶︾ ᠤᠨ ᠲᠣᠭᠲᠠᠭᠠᠯ ᠶᠣᠰᠣᠭᠠᠷ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶ ᠢ ᠵᠣᠬᠢᠶᠠᠨ ᠪᠠᠶᠢᠭᠤᠯᠤᠨ ᠰᠠᠭᠤᠭᠠᠯᠢ | ᠠᠷᠠᠳ ᠲᠤ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ 14 ᠵᠦᠢᠯ ᠤᠨ ᠵᠢᠷᠤᠮᠵᠢᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠨᠳᠦᠰᠦᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠡᠪᠡᠳᠴᠢᠨ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠦᠨ᠂ ᠡᠪᠡᠳᠴᠢᠨ ᠡᠮᠭᠡᠭ ᠡᠭᠦᠰᠬᠦ ᠶᠢ ᠪᠠᠭᠠᠰᠬᠠᠨ᠎ᠠ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠳᠥᠷᠪᠡ︶ ︽ᠳᠥᠷᠪᠡ ᠶᠢ ᠬᠤᠪᠢᠷᠠᠭᠤᠯᠬᠤ ᠦᠭᠡᠢ︾ ᠪᠠᠶᠢᠬᠤ ᠶᠢ ᠪᠠᠷᠢᠮᠲᠠᠯᠠᠨ᠎ᠠ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠬᠤᠪᠢᠷᠠᠭᠤᠯᠬᠤ ᠦᠭᠡᠢ᠃ ᠡᠮᠴᠢᠯᠡᠭᠡᠨ ᠤ ᠪᠦᠯᠦᠭᠯᠡᠯ ᠤᠨ ᠳᠣᠲᠣᠷᠠᠬᠢ ᠡᠯ᠎ᠡ ᠡᠮᠴᠢᠯᠡᠭᠡᠨ ᠤ | ᠪᠠᠶᠢᠭᠤᠯᠤᠮᠵᠢ ᠨᠤᠭᠤᠳ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢᠶᠠᠨ ᠬᠤᠪᠢᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠠᠶᠢᠭᠤᠯᠤᠭᠰᠠᠨ ᠠᠵᠢᠯ ᠤᠨ | ᠪᠠᠶᠢᠷᠢ ᠪᠠᠨ ᠬᠠᠷᠢᠴᠠᠩᠭᠤᠢ ᠲᠣᠭᠲᠠᠭᠤᠨ ᠪᠠᠶᠢᠯᠭᠠᠵᠤ᠂ ᠲᠣᠰ ᠲᠣᠰ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠠᠵᠢᠯ ᠤᠨ ᠡᠭᠦᠷᠭᠡ ᠬᠠᠷᠢᠭᠤᠴᠠᠯᠭ᠎ᠠ | ᠬᠤᠪᠢᠷᠠᠬᠤ ᠦᠬᠡᠢ᠃ | 2. ᠪᠠᠶᠢᠭᠤᠯᠤᠮᠵᠢ ᠶᠢᠨ ᠳᠤᠰᠢᠶᠠᠯ ᠬᠠᠷᠢᠭᠤᠴᠠᠯᠭ᠎ᠠ᠂ ᠡᠭᠦᠷᠭᠡ ᠶᠢ ᠬᠤᠪᠢᠷᠠᠭᠤᠯᠬᠤ ᠦᠭᠡᠢ᠃ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠡᠬᠦᠷᠬᠡᠯᠡᠬᠦ ᠪᠥᠬᠦ | ᠳᠤᠭᠤᠷᠢᠭ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ᠂ ᠦᠨᠳᠦᠰᠦᠨ ᠱᠠᠲᠤᠨ ᠤ ᠮᠡᠷᠭᠡᠵᠢᠯ ᠤᠨ ᠵᠢᠯᠣᠭᠤᠳᠤᠯᠭ᠎ᠠ ᠪᠠ ᠠᠵᠢᠯᠲᠠᠨ ᠤ | ᠪᠣᠯᠪᠠᠰᠤᠷᠠᠭᠤᠯᠤᠯ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ᠂ ᠲᠦᠷᠭᠡᠨ ᠠᠪᠤᠷᠠᠯᠳᠠ ᠵᠡᠷᠭᠡ ᠡᠭᠦᠷᠭᠡ ᠶᠢ ᠬᠤᠪᠢᠷᠠᠭᠤᠯᠬᠤ ᠦᠭᠡᠢ᠂ ᠡᠯ᠎ᠡ ᠬᠤᠪᠢᠶᠠᠷᠢ | ᠬᠤᠷᠢᠶ᠎ᠠ ᠶᠢᠨ ᠡᠬᠦᠷᠬᠡᠯᠡᠬᠦ ᠬᠠᠷᠢᠶ᠎ᠠ ᠣᠷᠣᠨ ᠤ ᠦᠨᠳᠦᠰᠦᠨ ᠡᠮᠴᠢᠯᠡᠭᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠭᠦᠷᠭᠡ | ᠴᠢᠳᠠᠪᠤᠷᠢ ᠬᠤᠪᠢᠷᠠᠬᠤ ᠦᠬᠡᠢ᠃ | 3. ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠬᠤᠪᠢᠷᠠᠭᠤᠯᠬᠤ ᠦᠭᠡᠢ᠃ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ | ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠵᠠᠮ ᠵᠢᠴᠢ ᠨᠥᠬᠦᠪᠦᠷᠢ ᠶᠢᠨ ᠪᠠᠷᠢᠮᠵᠢᠶ᠎ᠠ | ᠬᠤᠪᠢᠷᠠᠬᠤ ᠦᠬᠡᠢ᠃ | 4. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠢᠯᠤᠭᠤᠳᠬᠤ ᠬᠠᠷᠢᠴᠠᠭ᠎ᠠ ᠶᠢ ᠬᠤᠪᠢᠷᠠᠭᠤᠯᠬᠤ ᠦᠭᠡᠢ᠃ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠲᠤᠰᠬᠠᠢ ᠪᠠᠶᠢᠭᠤᠯᠤᠮᠵᠢ ᠶᠢᠨ ᠡᠭᠦᠷᠭᠡᠯᠡᠬᠦ ᠡᠯ᠎ᠡ ᠬᠤᠪᠢᠶᠠᠷᠢ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠬᠠᠷᠢᠴᠠᠭ᠎ᠠ ᠪᠠ | ᠬᠠᠷᠢᠭᠤᠴᠠᠯᠭ᠎ᠠ ᠬᠤᠪᠢᠷᠠᠬᠤ ᠦᠬᠡᠢ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠡᠬᠢᠯᠡᠯᠳᠡ ᠶᠢᠨ ᠱᠠᠲᠤ ᠦᠶ᠎ᠡ ︵2023 ᠣᠨ ᠤ 11 ᠳ᠋ᠤᠬᠡᠷ ᠰᠠᠷ᠎ᠠ ︱ 2023 ᠣᠨ ᠤ 12 ᠳ᠋ᠤᠭᠠᠷ ᠰᠠᠷ᠎ᠠ︶᠃ ᠬᠡᠷᠡᠭᠵᠢᠭᠦᠯᠬᠦ | ᠲᠥᠰᠥᠯ ᠲᠣᠭᠲᠠᠭᠠᠵᠤ᠂ ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠵᠢᠯ ᠢ | ᠳᠠᠶᠢᠴᠢᠯᠠᠨ ᠪᠠᠶᠢᠷᠢᠯᠠᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠪᠠ ᠭᠤᠣᠯ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠬᠡᠷᠡᠭᠵᠢᠬᠦᠯᠦᠯᠳᠡ ᠶᠢᠨ ᠱᠠᠲᠤ ᠦᠶ᠎ᠡ ︵2024 ᠣᠨ ᠤ 1 ᠳ᠋ᠤᠬᠡᠷ ᠰᠠᠷ᠎ᠠ ︱ 2024 ᠣᠨ ᠤ 12 ᠳ᠋ᠤᠭᠠᠷ ᠰᠠᠷ᠎ᠠ︶᠃ | ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ | ᠬᠠᠮᠢᠶ᠎ᠠ ᠪᠦᠬᠦᠢ ᠢᠵᠢ ᠪᠦᠷᠢᠳᠦᠬᠦᠯᠦᠭᠰᠡᠨ ᠲᠥᠷᠥ ᠶᠢᠨ ᠪᠣᠳᠣᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ | ᠡᠭᠦᠷᠭᠡ ᠶᠢᠨ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠤᠨ ᠠᠩᠬ᠎ᠠ ᠠᠯᠬᠤᠮ ᠤᠨ ᠦᠷ᠎ᠡ | ᠪᠦᠳᠦᠮᠵᠢ ᠶᠢ ᠪᠦᠷᠢᠳᠦᠬᠦᠯᠦᠨ᠎ᠡ᠃ | ︵ᠭᠤᠷᠪᠠ︶ ᠳ᠋ᠦᠩᠨᠡᠯᠳᠡ ᠶᠢᠨ ᠱᠠᠲᠤ ᠦᠶ᠎ᠡ ︵2025 ᠣᠨ ᠤ 1 ᠳ᠋ᠤᠭᠡᠷ ᠰᠠᠷ᠎ᠠ ︱ 2025 ᠣᠨ ᠤ 12 ᠳ᠋ᠤᠭᠠᠷ ᠰᠠᠷ᠎ᠠ︶᠃ ᠶᠡᠷᠦᠩᠬᠡᠢ | ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠵᠥᠪᠯᠡᠯ ᠨᠢ ᠵᠢᠯ ᠤᠨ ᠡᠴᠦᠰ ᠪᠦᠷᠢ ᠳᠤ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ᠂ | ᠠᠵᠢᠯᠯᠠᠭᠠᠨ ᠪᠠ ᠤᠳᠤᠷᠢᠳᠬᠤ ᠺᠠᠳ᠋ᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠳᠤ ᠱᠠᠲᠤ ᠦᠶ᠎ᠡ ᠶᠢᠨ ᠴᠢᠨᠠᠷᠲᠠᠢ ᠰᠢᠯᠭᠠᠨ ᠬᠢᠨᠠᠵᠤ ᠦᠨᠡᠯᠡᠨ | ᠵᠢᠱᠢᠯᠲᠡ ᠬᠢᠬᠦ ᠶᠢ ᠵᠣᠬᠢᠶᠠᠨ ᠪᠠᠶᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠶᠢ ᠳ᠋ᠦᠩᠨᠡᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠬᠢᠷᠠᠭᠤᠯᠤᠨ | ᠳᠡᠬᠦᠯᠳᠡᠷᠵᠢᠬᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠨᠢᠭᠲᠠ ᠬᠠᠮᠵᠢᠯᠴᠠᠭᠠᠨ ᠤ ᠬᠡᠯᠪᠡᠷᠢ ᠶᠢᠨ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠤᠯᠪᠤᠭᠠᠯᠠᠨ ᠬᠠᠮᠵᠢᠯᠴᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠥᠭᠡᠷᠡᠴᠢᠯᠡᠯᠲᠡ ᠶᠢ ᠬᠡᠷᠡᠭᠵᠢᠭᠦᠯᠬᠦ ᠠᠯᠬᠤᠮ ᠳᠠᠷᠠᠭ᠎ᠠ ᠶᠣᠰᠣᠭᠠᠷ ᠨᠢᠭᠲᠠ ᠬᠠᠮᠵᠢᠯᠴᠠᠵᠤ᠂ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠢᠶᠠᠷ ᠠᠬᠢᠭᠤᠯᠤᠨ᠎ᠠ᠃ | ︵ᠬᠤᠶᠠᠷ︶ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ | ᠴᠢᠩᠭᠠᠳᠬᠠᠬᠤ ᠲᠤᠬᠠᠢ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠲᠤ ᠰᠢᠯᠢᠳᠡᠭ ᠢ ᠰᠣᠩᠭᠤᠨ | ᠲᠣᠬᠢᠷᠠᠭᠤᠯᠵᠤ᠂ ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠨᠠᠮ ᠤᠨ ᠬᠤᠷᠢᠶ᠎ᠠ ᠶᠢᠨ ᠱᠦᠵᠢ᠂ ᠬᠤᠷᠢᠶᠠᠨ ᠳᠠᠷᠤᠭ᠎ᠠ ᠶᠢ ᠰᠠᠯᠭᠠᠨ ᠲᠣᠬᠢᠷᠠᠭᠤᠯᠬᠤ ᠶᠢ ᠬᠡᠷᠡᠭᠵᠢᠭᠦᠯᠦᠨ᠂ | ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷᠠᠬᠢ ᠬᠤᠷᠢᠶᠠᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠰᠦᠪᠡᠭᠴᠢᠯᠡᠨ | ᠬᠡᠷᠡᠭᠵᠢᠬᠦᠯᠦᠨ᠎ᠡ᠃ ᠬᠤᠷᠢᠶᠠᠨ ᠳᠠᠷᠤᠭ᠎ᠠ ᠨᠢ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠡᠮᠨᠡᠯᠭᠡ ᠶᠢᠨ ᠬᠤᠷᠢᠶᠠᠨ ᠤ ᠡᠮᠴᠢᠯᠡᠭᠡ᠂ ᠵᠢᠭᠠᠨ ᠰᠤᠷᠭᠠᠯᠲᠠ᠂ | ᠰᠢᠨᠵᠢᠯᠡᠭᠡ ᠰᠤᠳᠤᠯᠭᠠᠨ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ | ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ︽ᠡᠳ᠋ ᠤᠨ ᠵᠠᠰᠠᠭ ᠤᠨ ᠨᠥᠬᠦᠪᠦᠷᠢ ᠶᠢᠨ ᠠᠷᠭ᠎ᠠ ᠮᠠᠶ᠋ᠢᠭ ᠢ ᠥᠭᠡᠷᠡᠴᠢᠯᠡᠵᠦ᠂ ᠪᠡᠯᠡ | ᠮᠥᠩᠭᠦ ᠶᠢ ᠬᠡᠷᠡᠭᠯᠡᠬᠦ ᠴᠢᠭᠯᠡᠯ ᠳᠤ ᠲᠣᠬᠢᠷᠠᠭᠤᠯᠤᠯᠲᠠ ᠬᠢᠵᠦ᠂ ᠡᠳ᠋ ᠤᠨ ᠵᠠᠰᠠᠭ ᠤᠨ ᠨᠥᠬᠦᠪᠦᠷᠢ ᠶᠢᠨ ᠠᠷᠭ᠎ᠠ ᠮᠠᠶ᠋ᠢᠭ ᠢ ᠬᠥᠮᠥᠨ ᠤ ᠲᠤᠭ᠎ᠠ ᠪᠠᠷ ᠪᠤᠶᠤ | ᠡᠪᠡᠳᠴᠢᠲᠡᠨ ᠤ ᠣᠷᠣ ᠪᠠᠷ ᠨᠥᠬᠦᠪᠦᠷᠢᠯᠡᠵᠦ ᠪᠠᠶᠢᠭᠰᠠᠨ ᠢ ᠠᠯᠬᠤᠮ ᠠᠯᠬᠤᠮ ᠢᠶᠠᠷ ᠲᠥᠷᠥᠯ ᠵᠦᠢᠯ ᠢᠶᠠᠷ ᠨᠥᠬᠦᠪᠦᠷᠢᠯᠡᠬᠦ ᠪᠣᠯᠭᠠᠨ ᠬᠤᠪᠢᠷᠠᠭᠤᠯᠬᠤ ᠶᠢ ᠢᠳᠡᠪᠬᠢᠲᠡᠢ | ᠰᠦᠪᠡᠭᠴᠢᠯᠡᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠵᠢᠴᠢ 50 ᠲᠦᠮᠡᠨ ᠲᠥᠭᠦᠷᠢᠭ ᠠᠴᠠ ᠳᠡᠭᠡᠭᠰᠢᠬᠢ ᠲᠣᠮᠣ ᠬᠡᠯᠪᠡᠷᠢ ᠶᠢᠨ ᠲᠥᠬᠦᠭᠡᠷᠦᠮᠵᠢ ᠬᠤᠳᠠᠯᠳᠤᠨ | ᠠᠪᠬᠤ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠬᠥᠭᠵᠢᠭᠦᠯᠬᠦ᠂ ᠥᠷᠢ ᠥᠭᠴᠡᠭᠡ ᠶᠢ ᠠᠷᠢᠯᠭᠠᠬᠤ᠂ ᠴᠢᠳᠠᠪᠤᠷᠢᠲᠠᠨ ᠢ ᠬᠥᠮᠥᠵᠢᠭᠦᠯᠬᠦ᠂ ᠲᠣᠭᠲᠠᠭᠠᠯ ᠳᠤ | ᠨᠡᠶᠢᠴᠡᠬᠦ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠵᠠᠷᠤᠳᠠᠯ᠂ ᠲᠦᠷᠦ ᠶᠢᠨ ᠪᠣᠳᠣᠯᠭ᠎ᠠ ᠶᠢᠨ ᠴᠢᠨᠠᠷᠲᠠᠢ | ᠠᠯᠳᠠᠭᠳᠠᠯ ᠵᠢᠴᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠭᠦᠷᠭᠡ ᠶᠢ ᠡᠭᠦᠷᠭᠡᠯᠡᠬᠦ ᠪᠠ ᠪᠠᠴᠢᠮ ᠠᠪᠤᠷᠠᠬᠤ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ | ᠲᠠᠯ᠎ᠠ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠨᠥᠬᠦᠪᠦᠷᠢ ᠥᠭᠬᠦ ᠲᠥᠷᠥᠯ ᠵᠦᠢᠯ ᠢ ᠥᠯᠥ ᠪᠠᠭᠠᠰᠬᠠᠬᠤ᠂ ᠨᠥᠬᠦᠪᠦᠷᠢ ᠥᠭᠬᠦ ᠬᠢᠷᠢ | ᠬᠡᠮᠵᠢᠶ᠎ᠡ ᠶᠢ ᠥᠯᠥ ᠪᠠᠭᠤᠷᠠᠭᠤᠯᠬᠤ ᠵᠠᠷᠴᠢᠮ ᠶᠣᠰᠣᠭᠠᠷ᠂ ᠣᠲᠣ ᠶᠢᠨ ᠬᠡᠷᠡᠭᠵᠢᠭᠦᠯᠵᠦ ᠪᠠᠶᠢᠭ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠠ | ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠨᠠᠨ ᠲᠣᠭᠲᠠᠭᠠᠭᠰᠠᠨ ᠣᠷᠣᠨ ᠲᠤᠭ᠎ᠠ ᠪᠠᠷ ᠴᠠᠯᠢᠩ ᠪᠠ ᠠᠵᠢᠯ ᠦᠢᠯᠡᠰ ᠤᠨ | ᠵᠠᠷᠤᠳᠠᠯ ᠢ ᠬᠠᠷᠭᠤᠭᠤᠯᠤᠨ ᠣᠯᠭᠤᠨ᠎ᠠ᠃ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠡᠭᠦᠷᠭᠡᠯᠡᠵᠦ ᠪᠦᠬᠦᠢ ᠦᠨᠳᠦᠰᠦᠨ ᠡᠮᠴᠢᠯᠡᠭᠡ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠳᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ᠂ ︽ᠤᠴᠢᠷ ᠶᠠᠪᠤᠳᠠᠯ ᠢᠶᠠᠷ | ᠵᠠᠷᠤᠳᠠᠯ ᠢ ᠲᠣᠭᠲᠠᠭᠠᠬᠤ︾ ︽ᠦᠢᠯᠡᠴᠢᠯᠡᠭᠡ ᠬᠤᠳᠠᠯᠳᠤᠨ ᠠᠪᠬᠤ︾ ᠪᠤᠶᠤ ︽ᠲᠤᠰᠬᠠᠢ ᠵᠦᠢᠯ ᠢᠶᠠᠷ ᠨᠥᠬᠦᠪᠦᠷᠢᠯᠡᠬᠦ︾ ᠠᠷᠭ᠎ᠠ ᠮᠠᠶ᠋ᠢᠭ ᠢᠶᠠᠷ ᠬᠠᠷᠭᠤᠭᠤᠯᠤᠨ | ᠨᠦᠬᠦᠪᠤᠷᠢᠯᠡᠨ᠎ᠡ᠃ | ︵ᠳᠥᠷᠪᠡ︶ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠷᠠᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠬᠠᠶᠢᠨ ᠰᠦᠪᠡᠭᠴᠢᠯᠡᠬᠦ ᠲᠣᠭᠲᠠᠴᠠ ᠶᠢ | ᠪᠠᠶᠢᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠳᠤ ᠪᠠᠴᠢᠮ ᠬᠡᠷᠡᠭᠴᠡᠭᠡ ᠲᠠᠢ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠳᠤ | ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ︽ᠨᠢᠭᠡ ᠬᠥᠮᠥᠨ ᠢ ᠨᠢᠭᠡ ᠵᠥᠪᠯᠡᠬᠦ︾ ᠣᠷᠣᠭᠤᠯᠤᠨ ᠠᠪᠴᠢᠷᠠᠬᠤ ᠲᠣᠭᠲᠠᠴᠠ ᠶᠢ ᠲᠣᠭᠲᠠᠭᠠᠨ᠂ ᠡᠮᠴᠢ | ᠰᠤᠪᠢᠯᠠᠭᠴᠢ ᠶᠢᠨ ᠣᠷᠣᠨ ᠲᠤᠭ᠎ᠠ ᠶᠢᠨ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ︵ᠲᠠᠪᠤ︶ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠨᠢᠭᠡ ᠴᠣᠭᠴᠠᠵᠢᠭᠤᠯᠤᠭᠰᠠᠨ ᠮᠡᠳᠡᠭᠡ | ᠵᠠᠩᠭᠢ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠬᠠᠮᠢᠶᠠᠷᠤᠯᠲᠠ᠂ ᠲᠥᠯᠥᠪᠯᠡᠭᠡᠲᠦ ᠦᠷᠡᠵᠢᠯ᠂ | ᠡᠮ ᠡᠮᠨᠡᠯᠬᠡ ᠶᠢᠨ ᠳᠠᠭᠠᠳᠬᠠᠯ ᠵᠡᠷᠭᠡ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠮᠡᠳᠡᠭᠡ ᠵᠠᠩᠭᠢᠵᠢᠯᠲᠠ ᠶᠢᠨ | ᠲᠠᠪᠴᠠᠩ ᠪᠠ ᠠᠯᠤᠰ ᠠᠴᠠ ᠬᠠᠮᠲᠤᠷᠠᠨ ᠣᠨᠣᠰᠢᠯᠠᠬᠤ ᠲᠥᠪ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ︵ᠮᠤᠵᠢ︶᠂ ᠬᠤᠲᠠ ᠶᠢᠨ ᠭᠤᠷᠪᠠᠳᠤᠭᠠᠷ ᠳᠡᠰ | ᠤᠨ ᠡᠮᠨᠡᠯᠭᠡ ᠶᠢᠨ ᠬᠤᠷᠢᠶ᠎ᠠ ᠯᠤᠭ᠎ᠠ ᠠᠯᠤᠰ ᠠᠴᠠ ᠣᠨᠣᠰᠢᠯᠠᠨ ᠡᠮᠨᠡᠬᠦ᠂ ᠠᠯᠤᠰ ᠠᠴᠠ ᠪᠤᠯᠪᠠᠰᠤᠷᠠᠯ ᠬᠢᠯᠬᠡᠬᠦ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠢ ᠵᠤᠬᠢᠶᠠᠨ | ᠪᠠᠶᠢᠭᠤᠯᠤᠨ᠎ᠠ᠃ | ︵ᠵᠢᠷᠭᠤᠭ᠎ᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠵᠤ᠂ | ᠲᠤᠷᠰᠢᠯᠲᠠ ᠶᠢᠨ ᠴᠢᠭ ᠤᠨ ᠳᠤᠷᠰᠢᠯᠭ᠎ᠠ ᠶᠢ ᠳᠡᠯᠭᠡᠷᠡᠭᠦᠯᠦᠨ᠂ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠠᠷᠠᠳ | ᠣᠯᠠᠨ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠳᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠭᠦᠢᠴᠡᠳ ᠣᠶᠢᠯᠠᠭᠠᠭᠤᠯᠵᠤ᠂ ᠪᠥᠬᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠠᠬᠢᠭᠤᠯᠤᠨ᠎ᠠ᠃ | | | |