ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27 ᠤ ᠴᠠᠭᠢᠯᠭᠠᠨ ᠮᠡᠳᠡᠭᠡ 3 ᠰᠠᠷ᠎ᠠ ᠶᠢᠨ 27 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ | ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠠᠭᠤᠯᠵᠠᠪᠠ᠃ | | | | 3 ᠰᠠᠷ᠎ᠠ ᠶᠢᠨ 27 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ | ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ | ᠬᠢᠨ ᠤ ᠳᠡᠯᠭᠡᠷᠡᠬᠦ ᠬᠠᠪᠤᠷ ᠢᠶᠠᠷ ᠳᠤᠮᠳᠠᠳᠤ ᠤᠯᠤᠰ ᠲᠤ ᠠᠶᠢᠯᠴᠢᠯᠠᠬᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠣᠨ᠎ᠠ᠃ ᠳᠤᠮᠳᠠᠳᠤ ᠠᠮᠧᠷᠢᠺᠠ | ᠬᠤᠶᠠᠷ ᠤᠯᠤᠰ ᠬᠠᠮᠲᠤᠷᠠᠯᠴᠠᠬᠤ ᠶᠤᠮ ᠦᠦ ᠡᠰᠡᠬᠦᠯ᠎ᠡ ᠡᠰᠡᠷᠭᠦᠴᠡᠯᠳᠦᠬᠦ ᠶᠤᠮ ᠦᠦ ᠭᠡᠳᠡᠭ ᠨᠢ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠪᠣᠯᠣᠨ | ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ᠃ ᠳᠤᠮᠳᠠᠳᠤ ᠠᠮᠧᠷᠢᠺᠠ ᠶᠢᠨ ᠲᠤᠰ ᠲᠤᠰ ᠤᠨ ᠠᠮᠵᠢᠯᠲᠠ ᠪᠣᠯ ᠬᠠᠷᠢᠯᠴᠠᠨ ᠠᠵᠠ | ᠲᠣᠭᠢᠶᠠᠯ ᠪᠤᠯᠳᠠᠭ᠃ ᠬᠤᠶᠠᠷ ᠲᠠᠯ᠎ᠠ ᠪᠠᠷ ᠢᠶᠠᠨ ᠴᠥᠮ ᠨᠦᠭᠦᠭᠡ ᠡᠲᠡᠭᠡᠳ ᠢᠶᠠᠨ ᠬᠠᠨᠢᠲᠠᠨ ᠢᠶᠠᠷ ᠦᠵᠡᠵᠦ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ | ᠵᠡᠷᠭᠡᠴᠡᠨ ᠣᠷᠣᠰᠢᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠭᠦᠷᠳᠡᠪᠡᠯ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠷᠤᠢ ᠰᠠᠶᠢᠵᠢᠷᠠᠬᠤ ᠶᠤᠮ᠃ ᠡᠨᠡ ᠵᠢᠯ | ᠪᠣᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡ ᠪᠣᠯ ᠬᠤᠶᠠᠷ | ᠤᠯᠤᠰ ᠤᠨ ᠠᠷᠠᠳ ᠲᠦᠮᠡᠨ ᠤ ᠨᠥᠭᠦᠷᠰᠡᠭ ᠶᠠᠪᠤᠯᠴᠠᠭᠠᠨ ᠤ ᠲᠡᠦᠬᠡ ᠮᠥᠨ᠂ ᠥᠩᠭᠡᠷᠡᠭᠰᠡᠨ ᠳᠤ ᠠᠷᠠᠳ ᠲᠦᠮᠡᠨ ᠳᠤ ᠲᠦᠰᠢᠭᠯᠡᠨ ᠪᠢᠴᠢᠭᠯᠡᠵᠦ᠂ ᠢᠷᠡᠭᠡᠳᠦᠢ ᠳᠤ | ᠨᠡᠩ ᠴᠤ ᠠᠷᠠᠳ ᠲᠦᠮᠡᠨ ᠳᠤ ᠲᠦᠰᠢᠭᠯᠡᠨ ᠡᠭᠦᠳᠦᠨ ᠪᠦᠲᠦᠭᠡᠬᠦ ᠬᠡᠷᠡᠭᠲᠡᠢ᠃ ᠳᠤᠮᠳᠠᠳᠤ ᠤᠯᠤᠰ ᠲᠤ ᠰᠠᠶᠢᠨ ᠢ ᠰᠤᠷᠬᠤᠶᠠ ᠤᠷᠭᠢᠯ ᠳᠤ ᠠᠪᠠᠷᠢᠬᠤ ᠮᠡᠲᠦ ᠪᠡᠷᠬᠡ᠂ | ᠮᠠᠭᠤ ᠶᠢ ᠰᠤᠷᠬᠤᠶᠠ ᠴᠠᠰᠤᠨ ᠢᠪᠡᠷᠡᠬᠦ ᠮᠡᠲᠦ ᠭᠢᠯᠪᠠᠷ ᠭᠡᠳᠡᠭ ᠦᠭᠡ ᠪᠠᠶᠢᠳᠠᠭ᠃ ᠬᠤᠶᠠᠷ ᠤᠯᠤᠰ ᠤᠨ ᠡᠯ᠎ᠡ ᠡᠲᠡᠭᠡᠳ ᠤᠨ ᠬᠥᠮᠥᠰ ᠢᠯᠡᠭᠦᠬᠡᠨ ᠶᠠᠪᠤᠯᠴᠠᠵᠤ᠂ | ᠢᠯᠡᠭᠦᠬᠡᠨ ᠰᠣᠯᠢᠯᠴᠠᠵᠤ᠂ ᠲᠠᠰᠤᠷᠠᠯᠲᠠ ᠦᠭᠡᠢ ᠬᠠᠮᠲᠤ ᠶᠢᠨ ᠲᠠᠨᠢᠯᠲᠠ ᠪᠠᠨ ᠬᠤᠷᠠᠮᠳᠤᠭᠤᠯᠵᠤ᠂ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠵᠦᠢᠯ ᠤᠨ ᠬᠠᠷᠰᠢ | ᠰᠠᠭᠠᠳ ᠢ ᠠᠷᠢᠯᠭᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠦᠨᠡᠨ | ᠪᠣᠳᠠᠲᠠᠢ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢᠳ ᠤᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠡᠳᠡᠨ ᠤ ᠬᠠᠯᠠᠮᠵᠢᠯᠠᠵᠤ ᠪᠠᠶᠢᠭ᠎ᠠ | ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ | ᠰᠢ ᠶᠢᠨ ᠫᠢᠩ᠂ ᠳᠤᠮᠳᠠᠳᠤ ᠤᠯᠤᠰ ᠤᠨ ᠠᠵᠤ ᠠᠬᠤᠢ ᠪᠣᠯ ᠡᠷᠡᠭᠦᠯ ᠪᠥᠭᠡᠳ ᠦᠷᠭᠦᠯᠵᠢᠯᠡᠬᠦ ᠴᠢᠨᠠᠷᠲᠠᠢ ᠶᠤᠮ᠃ ᠨᠢᠳᠤᠨᠤᠨ ᠳᠤᠮᠳᠠᠳᠤ ᠤᠯᠤᠰ ᠤᠨ ᠠᠵᠤ | ᠠᠬᠤᠢ ᠶᠢᠨ ᠨᠡᠮᠡᠭᠳᠡᠯ ᠤᠨ ᠬᠤᠷᠳᠤᠴᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠣᠷᠣᠵᠤ᠂ ᠳᠡᠯᠡᠬᠡᠢ ᠶᠢᠨ | ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠦᠷᠭᠦᠯᠵᠢᠯᠡᠨ 30% ᠶᠢ ᠳᠠᠪᠠᠪᠠ᠂ ᠡᠭᠦᠨ ᠢ ᠳᠤᠮᠳᠠᠳᠤ ᠤᠯᠤᠰ ᠤᠨ ᠠᠷᠠᠳ | ᠲᠦᠮᠡᠨ ᠬᠢᠵᠦ ᠪᠦᠲᠦᠭᠡᠭᠰᠡᠨ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠬᠥᠭᠵᠢᠯᠲᠡ ᠡᠯ᠎ᠡ | ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠢ ᠥᠩᠭᠡᠷᠡᠭᠡᠭᠡᠳ ᠰᠠᠶ᠋ᠢ ᠥᠨᠥᠳᠥᠷ ᠲᠤ ᠬᠦᠷᠴᠡᠢ᠂ ᠥᠩᠭᠡᠷᠡᠭᠰᠡᠨ ᠳᠤ ︽ᠳᠤᠮᠳᠠᠳᠤ ᠤᠯᠤᠰ ᠰᠦᠢᠷᠡᠬᠦ ᠤᠨᠤᠯ︾ | ᠠᠴᠠ ᠪᠣᠯᠵᠤ ᠰᠦᠢᠷᠡᠭᠰᠡᠨ ᠦᠭᠡᠢ᠂ ᠤᠳᠤ ᠴᠤ ︽ᠳᠤᠮᠳᠠᠳᠤ ᠤᠯᠤᠰ ᠤᠷᠭᠢᠯ ᠳᠠᠭᠠᠨ ᠲᠤᠯᠤᠭᠰᠠᠨ ᠤᠨᠤᠯ︾ ᠠᠴᠠ ᠪᠣᠯᠵᠤ ᠤᠷᠭᠢᠯ ᠳᠠᠭᠠᠨ ᠲᠤᠯᠬᠤ ᠶᠤᠮ | ᠪᠢᠰᠢ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠦᠷᠭᠦᠯᠵᠢᠯᠡᠨ | ᠠᠬᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠲᠠᠰᠤᠷᠠᠯᠲᠠ ᠦᠭᠡᠢ ᠨᠠᠩ ᠰᠠᠶᠢᠨ ᠠᠮᠢᠳᠤᠷᠠᠭᠤᠯᠬᠤ ᠪᠥᠭᠡᠳ ᠪᠠᠰᠠ ᠳᠡᠯᠡᠬᠡᠢ ᠶᠢᠨ ᠦᠷᠭᠦᠯᠵᠢᠯᠡᠬᠦ | ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠢᠲᠡᠭᠡᠯ | ᠲᠡᠭᠦᠯᠳᠡᠷ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ | ᠴᠢᠬᠤᠯᠠ ᠡᠷᠳᠡᠨᠢ ᠮᠥᠨ᠃ ᠳᠤᠮᠳᠠᠳᠤ ᠤᠯᠤᠰ ᠤᠨ ᠥᠭᠡᠷᠡᠴᠢᠯᠡᠯᠲᠡ ᠵᠣᠭᠰᠣᠰᠢ ᠦᠭᠡᠢ ᠶᠤᠮ᠂ ᠨᠡᠭᠡᠭᠡᠯᠲᠡ ᠵᠣᠭᠰᠣᠰᠢ ᠦᠭᠡᠢ ᠶᠤᠮ᠃ ᠪᠢᠳᠡ ᠶᠠᠭ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ᠂ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ | ᠠᠮᠧᠷᠢᠺᠠ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠳᠤ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠬᠠᠩᠭᠠᠵᠤ | ᠪᠠᠶᠢᠨ᠎ᠠ᠃ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠣᠶᠢᠷ᠎ᠠ ᠶᠢᠨ ᠵᠢᠯ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ | ᠬᠤᠪᠢᠷᠠᠯᠲᠠ ᠶᠢᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠡᠷᠬᠡ ᠲᠡᠭᠰᠢ ᠪᠠᠷ | ᠵᠥᠪᠳᠡᠯᠴᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠵᠢᠮ᠎ᠡ ᠶᠣᠰᠣ ᠪᠣᠯᠣᠨ ᠵᠠᠬ᠎ᠠ ᠳᠡᠯᠭᠡᠭᠦᠷ ᠤᠨ ᠳᠦᠷᠢᠮ ᠶᠣᠰᠣᠭᠠᠷ ᠠᠵᠢᠯᠯᠠᠵᠤ᠂ ᠠᠵᠤ ᠠᠬᠤᠢ ᠠᠷᠠᠯᠵᠢᠶᠠᠨ ᠤ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠬᠥᠭᠵᠢᠯᠲᠡ ᠶᠢᠨ ᠡᠷᠬᠡ ᠶᠢ ᠭᠦᠨᠳᠦᠳᠭᠡᠵᠦ᠂ ᠳᠤᠮᠳᠠᠳᠤ | ᠠᠮᠧᠷᠢᠺᠠ ᠶᠢᠨ ᠬᠠᠮᠲᠤ ᠪᠠᠷ ᠠᠰᠢᠭ ᠭᠦᠷᠳᠡᠭᠦ ᠪᠠ ᠳᠡᠯᠡᠬᠡᠢ ᠳ᠋ᠠᠬᠢᠨ ᠤ ᠬᠠᠮᠲᠤ ᠪᠠᠷ ᠠᠰᠢᠭ ᠭᠦᠷᠳᠡᠭᠦ ᠶᠢ ᠬᠥᠭᠡᠭᠡᠴᠡᠯᠳᠦᠬᠦ ᠬᠡᠷᠡᠭᠲᠡᠢ᠃ ᠠᠮᠧᠷᠢᠺᠠ ᠶᠢᠨ ᠠᠵᠤ | ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ | ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠲᠣᠮᠣ ᠭᠡᠯᠪᠡᠷᠢ ᠶᠢᠨ ᠠᠵᠤ ᠠᠬᠤᠢ ᠠᠷᠠᠯᠵᠢᠶᠠᠨ ᠤ ᠠᠵᠢᠯᠯᠠᠭ᠎ᠠ ᠳᠤ ᠨᠠᠩ ᠣᠯᠠᠨ ᠣᠷᠣᠯᠴᠠᠵᠤ᠂ | ᠦᠷᠭᠦᠯᠵᠢᠯᠡᠨ ᠳᠤᠮᠳᠠᠳᠤ ᠤᠯᠤᠰ ᠲᠤ ᠪᠡᠯᠡ ᠣᠷᠣᠭᠤᠯᠵᠤ᠂ ᠳᠤᠮᠳᠠᠳᠤ ᠤᠯᠤᠰ ᠲᠤ ᠦᠨᠳᠦᠰᠦᠯᠡᠵᠦ᠂ ᠳᠤᠮᠳᠠᠳᠤ ᠤᠯᠤᠰ ᠲᠤ ᠠᠰᠢᠭ ᠭᠦᠷᠳᠡᠭᠦ ᠶᠢ ᠪᠠᠶᠠᠷᠯᠠᠨ | ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠬᠡᠳᠦᠨ ᠵᠢᠯ ᠳᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠴᠥᠭᠡᠨ ᠪᠤᠰᠤ ᠨᠤᠭᠤᠷᠠᠯ ᠪᠦᠳᠦᠷᠢᠯ ᠢ ᠥᠩᠭᠡᠷᠡᠭᠦᠯᠵᠦ᠂ ᠪᠠᠰᠠ ᠬᠦᠨᠳᠦ | ᠨᠣᠴᠢᠲᠠᠢ ᠥᠷᠢᠰᠦᠯᠳᠦᠭᠡᠨ ᠳᠤ ᠲᠤᠯᠭᠠᠷᠠᠵᠤ ᠥᠩᠭᠡᠷᠡᠪᠡ᠂ ᠡᠭᠦᠨ ᠤ ᠰᠤᠷᠭᠠᠮᠵᠢ ᠶᠢ ᠰᠢᠩᠭᠡᠬᠡᠨ ᠠᠪᠤᠭᠤᠰᠢᠲᠠᠢ ᠶᠤᠮ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ | ᠥᠩᠭᠡᠷᠡᠭᠰᠡᠨ ᠳᠡᠭᠡᠨ ᠪᠤᠴᠠᠵᠤ ᠳᠡᠶᠢᠯᠭᠦ ᠦᠭᠡᠢ ᠪᠤᠯᠪᠠᠴᠤ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠶᠤᠮ᠃ ᠨᠢᠳᠤᠨᠤᠨ ᠪᠢ ᠶᠡᠷᠦᠩᠬᠡᠶᠢᠯᠡᠭᠴᠢ | ᠪᠠᠶᠢᠳᠧᠨ ᠲᠠᠢ ᠰᠠᠨ ᠹᠷᠠᠨᠰᠢᠰᠺᠤ ᠳᠤ ᠠᠭᠤᠯᠵᠠᠭᠰᠠᠨ ᠤ ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ | ᠲᠣᠭᠲᠠᠪᠤᠷᠢᠵᠢᠭᠤᠯᠵᠤ᠂ ᠰᠠᠶᠢᠵᠢᠷᠠᠭᠤᠯᠬᠤ ᠶᠠᠪᠤᠳᠠᠯ ᠪᠣᠯᠣᠨ᠎ᠠ᠃ ᠥᠩᠭᠡᠷᠡᠭᠰᠡᠨ ᠬᠡᠳᠦᠨ ᠰᠠᠷ᠎ᠠ ᠳᠤ᠂ ᠬᠤᠶᠠᠷ ᠲᠠᠯ᠎ᠠ ᠶᠢᠨ ᠪᠦᠯᠭᠦᠮ ᠮᠢᠨᠤ ᠶᠡᠷᠦᠩᠬᠡᠶᠢᠯᠡᠭᠴᠢ | ᠪᠠᠶᠢᠳᠧᠨ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢᠨ ᠲᠣᠭᠤᠷᠢᠨ ᠳᠤ᠂ ᠤᠯᠤᠰ ᠲᠦᠷᠦ ᠶᠢᠨ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ ᠡᠳ᠋ ᠤᠨ | ᠵᠠᠰᠠᠭ ᠮᠥᠩᠭᠦᠨ ᠭᠦᠢᠯᠭᠡᠭᠡ᠂ ᠬᠠᠤᠯᠢ ᠬᠡᠷᠡᠭᠵᠢᠭᠦᠯᠵᠦ ᠬᠤᠣᠷ ᠴᠠᠭᠠᠵᠠᠯᠠᠬᠤ᠂ ᠠᠭᠤᠷ ᠠᠮᠢᠰᠬᠤᠯ ᠤᠨ ᠬᠤᠪᠢᠷᠠᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ | ᠡᠯ᠎ᠡ ᠬᠦᠷᠢᠶᠡᠨ ᠳᠤ ᠣᠯᠣᠯᠴᠠᠭ᠎ᠠ ᠪᠠᠨ ᠪᠠᠲᠤᠯᠠᠵᠤ᠂ ᠠᠬᠢᠴᠠ ᠲᠠᠢ ᠪᠣᠯᠪᠠ᠃ ᠣᠳᠣᠬᠠᠨ ᠤ ᠪᠠᠶᠢᠳᠠᠯ ᠳᠣᠣᠷ᠎ᠠ ᠳᠤᠮᠳᠠᠳᠤ ᠠᠮᠧᠷᠢᠺᠠ ᠶᠢᠨ ᠬᠠᠮᠲᠤ ᠶᠢᠨ ᠠᠰᠢᠭ | ᠲᠤᠰᠠ ᠪᠠᠭᠠᠰᠤᠭᠰᠠᠨ ᠪᠢᠰᠢ ᠬᠠᠷᠢᠨ ᠨᠡᠩ ᠤᠯᠠᠨ ᠪᠣᠯᠤᠭᠰᠠᠨ ᠪᠠᠶᠢᠨ᠎ᠠ᠃ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶ᠎ᠡ | ᠭᠡᠰᠡᠨ ᠴᠦ᠂ ᠡᠰᠡᠬᠦᠯ᠎ᠡ ᠠᠭᠤᠷ ᠠᠮᠢᠰᠬᠤᠯ ᠤᠨ ᠬᠤᠪᠢᠷᠠᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ ᠭᠡᠰᠡᠨ ᠴᠦ᠂ ᠳᠤᠮᠳᠠᠳᠤ | ᠠᠮᠧᠷᠢᠺᠠ ᠨᠦᠭᠦᠭᠡ ᠲᠠᠯ᠎ᠠ ᠶᠢᠨ ᠢᠶᠠᠨ ᠬᠥᠭᠵᠢᠯᠲᠡ ᠶᠢᠨ ᠬᠦᠴᠦᠨ ᠪᠤᠯᠬᠤ ᠶᠣᠰᠣᠲᠠᠢ᠂ ᠬᠠᠷᠢᠨ ᠬᠠᠷᠰᠢ ᠰᠠᠭᠠᠳ ᠪᠣᠯᠵᠤ ᠪᠤᠯᠬᠤ ᠦᠭᠡᠢ᠃ ᠳᠡᠯᠡᠬᠡᠢ ᠶᠢᠨ ᠠᠵᠤ | ᠠᠬᠤᠢ ᠶᠢᠨ ᠰᠡᠷᠭᠦᠯᠲᠡ ᠶᠢ ᠠᠬᠢᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠥᠮ ᠳᠤᠮᠳᠠᠳᠤ ᠠᠮᠧᠷᠢᠺᠠ ᠶᠢᠨ | ᠵᠣᠬᠢᠴᠠᠭᠤᠯᠭ᠎ᠠ ᠬᠠᠮᠲᠤᠷᠠᠯᠴᠠᠭ᠎ᠠ ᠶᠢ ᠱᠠᠭᠠᠷᠳᠠᠵᠤ᠂ ᠲᠣᠮᠣ ᠤᠯᠤᠰ ᠤᠨ ᠬᠡᠬᠦᠳᠡᠭ ᠴᠡᠭᠡᠵᠢ ᠲᠠᠢ ᠪᠠᠶᠢᠵᠤ᠂ ᠲᠣᠮᠣ ᠤᠯᠤᠰ ᠤᠨ ᠬᠠᠷᠢᠭᠤᠴᠠᠯᠭ᠎ᠠ ᠡᠭᠦᠷᠭᠡᠯᠡᠬᠦ | ᠬᠡᠷᠡᠭᠲᠡᠢ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠵᠥᠪ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢ ᠪᠤᠢ | ᠪᠤᠯᠭᠠᠵᠤ᠂ ᠰᠡᠷᠭᠡᠭ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠬᠤ | ᠬᠠᠨᠳᠤᠰᠢ ᠶᠢ ᠪᠠᠲᠤᠯᠠᠵᠤ᠂ ᠵᠥᠪ ᠢᠶᠠᠷ ᠬᠠᠷᠢᠯᠴᠠᠬᠤ ᠵᠠᠮ ᠢ ᠢᠳᠡᠪᠬᠢᠲᠡᠢ ᠰᠦᠪᠡᠭᠴᠢᠯᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠦᠷᠭᠦᠯᠵᠢᠯᠡᠨ | ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃ | ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠭᠦ ᠤᠯᠤᠰ ᠤᠨ ᠵᠥᠪᠯᠡᠯ ᠤᠨ ᠬᠡᠷᠡᠭ ᠮᠡᠳᠡᠭᠴᠢᠳ ᠤᠨ ᠬᠤᠷᠠᠯ ᠤᠨ ᠲᠡᠷᠢᠭᠦᠯᠡᠭᠴᠢ ᠭᠧᠯᠢᠨᠪᠧᠭᠧ᠂ ᠾᠧᠢ ᠱᠢ | ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠰᠦ᠋ ᠱᠢ ᠮᠢᠨ᠂ ᠭᠤᠤ ᠲᠦᠩ ᠺᠤᠮᠫᠠᠨᠢ ᠶᠢᠨ ᠶᠡᠷᠦᠩᠬᠡᠢ | ᠵᠠᠬᠢᠷᠤᠭᠴᠢ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠠᠨᠮᠧᠩ᠂ ᠬᠠᠹᠧᠷᠳ᠋ ᠶᠡᠭᠡ ᠰᠤᠷᠭᠠᠭᠤᠯᠢ ᠶᠢᠨ ᠺᠧᠨᠨᠢᠳᠢ ᠵᠠᠰᠠᠭ ᠤᠨ ᠣᠷᠳᠣᠨ ᠤ ᠳᠡᠭᠡᠳᠦ | ᠰᠤᠷᠭᠠᠭᠤᠯᠢ ᠶᠢᠨ ᠡᠭᠦᠰᠬᠡᠨ ᠪᠠᠶᠢᠭᠤᠯᠤᠭᠰᠠᠨ ᠵᠠᠬᠢᠷᠤᠯ ᠠᠶᠢᠯᠢᠰᠧᠨ᠂ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠤᠨ ᠳᠠᠷᠤᠭ᠎ᠠ | ᠠᠶᠢᠯᠦᠨ ᠵᠡᠷᠭᠡ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢ ᠶᠠᠷᠢᠶᠠᠨ ᠳᠠᠭᠠᠨ ᠲᠡᠷᠢᠭᠦᠯᠡᠭᠴᠢ ᠰᠢ ᠶᠢᠨ ᠫᠢᠩ ᠤᠨ ᠴᠠᠭ ᠭᠠᠷᠭᠠᠵᠤ ᠠᠭᠤᠯᠵᠠᠭᠰᠠᠨ ᠳᠤ ᠲᠠᠯᠠᠷᠬᠠᠪᠠ᠃ | ᠲᠡᠳᠡ᠂ ᠥᠩᠭᠡᠷᠡᠭᠰᠡᠨ ᠬᠡᠳᠦᠨ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠶᠡᠷᠦ ᠪᠤᠰᠤ ᠶᠢᠨ ᠠᠵᠤ ᠠᠬᠤᠢ ᠶᠢᠨ ᠨᠡᠮᠡᠭᠳᠡᠯ ᠪᠣᠯᠣᠨ ᠭᠡᠯᠪᠡᠷᠢ ᠶᠢ | ᠬᠤᠪᠢᠷᠠᠭᠤᠯᠬᠤ ᠶᠢ ᠪᠡᠶᠡᠯᠡᠭᠦᠯᠵᠦ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠲᠡᠷᠢᠭᠦᠯᠡᠭᠴᠢ ᠰᠢ ᠶᠢᠨ | ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠷᠮᠠᠶᠢᠵᠤ᠂ ᠨᠡᠩ | ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠪᠡ᠃ ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠬᠦᠨᠳᠦᠳᠬᠡᠭᠳᠡᠬᠦ ᠶᠣᠰᠣᠲᠠᠢ᠃ | ᠳᠤᠮᠳᠠᠳᠤ ᠤᠯᠤᠰ ᠲᠤᠰ ᠪᠡᠶ᠎ᠡ ᠶᠢᠨ ᠬᠥᠭᠵᠢᠯᠲᠡ ᠶᠢᠨ ᠬᠠᠷᠠᠯᠲᠠ ᠪᠠᠨ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠭᠤᠰᠤᠯᠴᠠᠯ ᠢ | ᠠᠬᠢᠭᠤᠯᠬᠤ ᠶᠢ ᠢᠲᠡᠭᠡᠵᠦ ᠪᠠᠶᠢᠨ᠎ᠠ᠃ ᠬᠦᠴᠦᠷᠬᠡᠭ ᠶᠡᠭᠡ᠂ ᠴᠡᠴᠡᠭᠯᠡᠨ ᠬᠥᠭᠵᠢᠭᠰᠡᠨ ᠳᠤᠮᠳᠠᠳᠤ ᠤᠯᠤᠰ ᠪᠣᠯ ᠳᠡᠯᠡᠬᠡᠢ ᠳ᠋ᠠᠬᠢᠨ ᠤ ᠢᠳᠡᠪᠬᠢ ᠬᠦᠴᠦᠨ ᠮᠥᠨ᠃ | ᠠᠮᠧᠷᠢᠺᠠ ᠳᠤᠮᠳᠠᠳᠤ ᠶᠢᠨ ᠠᠵᠤ ᠠᠬᠤᠢ ᠶᠢᠨ ᠬᠠᠷᠢᠯᠴᠠᠭ᠎ᠠ ᠨᠢᠭᠲᠠ ᠲᠦᠰᠢᠯᠴᠡᠨ ᠣᠷᠣᠰᠢᠵᠤ᠂ ᠬᠤᠶᠠᠷ ᠤᠯᠤᠰ ᠭᠠᠭᠴᠠ ᠬᠦ ᠨᠠᠶᠢᠷᠠᠮᠳᠠᠯ ᠢᠶᠠᠷ ᠵᠡᠷᠭᠡᠴᠡᠨ | ᠣᠷᠣᠰᠢᠪᠠᠯ ᠰᠠᠶ᠋ᠢ ᠲᠤᠰ ᠲᠤᠰ ᠤᠨ ᠬᠥᠭᠵᠢᠯ ᠴᠡᠴᠡᠭᠯᠡᠯ ᠢᠶᠠᠨ ᠪᠡᠶᠡᠯᠡᠭᠦᠯᠵᠦ ᠴᠢᠳᠠᠨ᠎ᠠ᠃ ︽ᠰᠦᠺᠢᠳᠢᠳ᠋ ᠤᠨ ᠤᠨᠠᠭᠤᠯᠢ︾ ᠨᠢ ᠵᠠᠶᠢᠯᠠᠰᠢ ᠦᠭᠡᠢ ᠪᠢᠰᠢ᠃ | ᠠᠮᠧᠷᠢᠺᠠ ᠶᠢᠨ ᠠᠵᠤ ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠲᠣᠭᠲᠠᠭᠠᠭᠰᠠᠨ ᠤᠯᠠᠮ ᠴᠢᠨᠠᠭᠰᠢᠳᠠ ᠥᠭᠡᠷᠡᠴᠢᠯᠡᠯᠲᠡ | ᠨᠡᠭᠡᠭᠡᠯᠲᠡ ᠬᠢᠬᠦ ᠠᠯᠢ ᠤᠯᠠᠨ ᠴᠢᠬᠤᠯᠠ ᠠᠷᠭ᠎ᠠ ᠬᠡᠮᠵᠢᠶ᠎ᠡ ᠶᠢ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠠᠯᠤᠰ | ᠢᠷᠡᠭᠡᠳᠦᠢ ᠳᠤ ᠢᠲᠡᠭᠡᠯ ᠲᠠᠢ ᠪᠠᠶᠢᠵᠤ᠂ ᠡᠷᠡᠰ ᠭᠤᠶᠢᠪᠢᠰᠢ ᠦᠭᠡᠢ ᠪᠠᠷ ᠳᠤᠮᠳᠠᠳᠤ ᠤᠯᠤᠰ ᠲᠤ ᠦᠷᠭᠦᠯᠵᠢᠯᠡᠨ ᠦᠨᠳᠦᠰᠦᠯᠡᠵᠦ᠂ ᠳᠤᠮᠳᠠᠳᠤ ᠤᠯᠤᠰ ᠯᠤᠭ᠎ᠠ | ᠤᠷᠳᠤ ᠬᠤᠭᠤᠴᠠᠭᠠᠨ ᠤ ᠨᠢᠭᠲᠠ ᠬᠠᠮᠲᠤᠷᠠᠯᠴᠠᠭᠠᠨ ᠤ ᠬᠠᠷᠢᠯᠴᠠᠭ᠎ᠠ ᠶᠢ ᠬᠥᠭᠵᠢᠭᠦᠯᠦᠨ᠎ᠡ᠃ ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠪᠠᠶᠢᠳᠧᠨ ᠲᠠᠢ | ᠨᠢᠳᠤᠨᠤᠨ ᠤ 11 ᠰᠠᠷ᠎ᠠ ᠳᠤ ᠰᠠᠨ ᠹᠷᠠᠨᠰᠢᠰᠺᠦ ᠳᠤ ᠠᠮᠵᠢᠯᠲᠠ ᠲᠠᠢ ᠠᠭᠤᠯᠵᠠᠯᠲᠠ ᠬᠢᠵᠦ᠂ ᠠᠮᠧᠷᠢᠺᠠ ᠶᠢᠨ ᠡᠯ᠎ᠡ ᠡᠲᠡᠭᠡᠳ ᠪᠣᠯᠣᠨ ᠳᠡᠯᠡᠬᠡᠢ ᠶᠢᠨ ᠠᠮᠧᠷᠢᠺᠠ | ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ ᠲᠤᠬᠠᠢ ᠵᠢᠱᠢᠯᠲᠡ ᠪᠣᠯᠣᠨ ᠢᠲᠡᠭᠡᠯ ᠢ ᠬᠥᠪᠴᠢᠯᠡᠪᠡ᠃ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ | ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠠᠮᠧᠷᠢᠺᠠ ᠳᠤᠮᠳᠠᠳᠤ ᠬᠤᠶᠠᠷ ᠲᠠᠯ᠎ᠠ ᠶᠢᠨ ᠬᠢᠨ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ | ᠰᠣᠯᠢᠯᠴᠠᠭ᠎ᠠ ᠪᠠᠨ ᠴᠢᠩᠭᠠᠳᠬᠠᠬᠤ ᠶᠢ ᠲᠡᠮᠵᠢᠵᠤ᠂ ᠣᠶᠢᠯᠠᠭᠠᠯᠴᠠᠭ᠎ᠠ᠂ ᠢᠲᠡᠭᠡᠯᠴᠡᠭᠡ ᠪᠣᠯᠣᠨ ᠬᠠᠮᠲᠤᠷᠠᠯᠴᠠᠭ᠎ᠠ ᠪᠠᠨ ᠨᠡᠮᠡᠭᠳᠡᠭᠦᠯᠵᠦ᠂ ᠭᠠᠷ ᠬᠤᠯᠪᠣᠨ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠵᠤ᠂ ᠲᠣᠭᠲᠠᠭᠤᠨ᠂ ᠦᠷᠭᠦᠯᠵᠢᠯᠡᠬᠦ᠂ ᠦᠷ᠎ᠡ ᠪᠦᠲᠦᠮᠵᠢᠳᠠᠢ ᠠᠮᠧᠷᠢᠺᠠ ᠳᠤᠮᠳᠠᠳᠤ ᠶᠢᠨ ᠬᠠᠷᠢᠯᠴᠠᠭ᠎ᠠ | ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | |