3 ᠰᠠᠷ᠎ᠠ ᠶᠢᠨ 27 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ᠃ | | | | ᠰᠢ ᠶᠢᠨ ᠫᠢᠩ᠂ ᠳᠤᠮᠳᠠᠳᠤ ᠰᠷᠢ ᠯᠠᠨᠺᠠ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠬᠤᠶᠠᠷ ᠤᠯᠤᠰ ᠤᠨ ᠠᠷᠠᠳ ᠲᠦᠮᠡᠨ ᠲᠥᠷᠥᠯᠬᠢ ᠶᠢᠨ | ᠳᠣᠲᠣᠨᠣ ᠰᠡᠳᠬᠢᠯᠭᠡ ᠲᠠᠢ ᠶᠤᠮ᠃ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢ ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ | ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ | ᠬᠢᠨ ᠲᠠᠢ ᠬᠠᠮᠲᠤ ᠪᠠᠷ ︽ᠲᠤᠰᠠᠭᠠᠷ ᠲᠣᠭᠲᠠᠨᠢᠵᠤ ᠥᠪᠡᠷ ᠢ ᠪᠠᠨ ᠬᠦᠴᠦᠷᠬᠡᠭᠵᠢᠭᠦᠯᠬᠦ᠂ ᠪᠦᠯᠬᠦᠮᠳᠡᠨ ᠬᠠᠪᠰᠤᠷᠤᠯᠴᠠᠬᠤ︾ ᠶᠢᠨ ︽ᠲᠤᠲᠤᠷᠭ᠎ᠠ ᠭᠤᠮ ᠤᠨ | ᠰᠣᠯᠢᠯᠴᠠᠭᠠᠨ ᠤ ᠵᠥᠪᠳᠡᠯᠴᠡᠭᠡᠷ︾ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ᠂ ︽ᠨᠢᠭᠡ | ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠰᠷᠢ ᠯᠠᠨᠺᠠ ᠶᠢᠨ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠬᠤ᠂ | ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠬᠢᠨ ᠰᠷᠢ ᠯᠠᠨᠺᠠ ᠶᠢᠨ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠦᠨᠳᠦᠰᠦᠲᠡᠨ ᠤ ᠨᠡᠷ᠎ᠡ ᠬᠦᠨᠳᠦ ᠪᠠᠨ | ᠬᠠᠮᠠᠭᠠᠯᠠᠬᠤ᠂ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ᠂ ᠰᠷᠢ ᠯᠠᠨᠺᠠ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠬᠠᠮᠲᠤ ᠪᠠᠷ | ᠴᠢᠷᠮᠠᠶᠢᠵᠤ ᠪᠠᠶᠢᠭᠠᠳ ︽ᠨᠢᠭᠡ ᠪᠦᠰᠡ ᠨᠢᠭᠡ ᠵᠠᠮ︾᠂ ᠣᠨᠴᠠᠭᠠᠶᠢᠯᠠᠨ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠬᠤᠶᠠᠷ ᠶᠡᠭᠡ ᠵᠢᠯᠤᠭᠤᠳᠬᠤ ᠲᠦᠷᠦᠯ ᠵᠦᠢᠯ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠠᠷᠠᠭᠠᠨ ᠤ ᠭᠦᠢᠯᠭᠡᠭᠡ᠂ | ᠡᠨᠧᠷᠭᠢ᠂ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠴᠡᠪᠡᠷ ᠡᠨᠧᠷᠭᠢ᠂ | ᠰᠣᠶᠣᠯ ᠵᠢᠭᠤᠯᠴᠢᠯᠠᠯ᠂ ᠲᠠᠯᠠᠢ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ | ᠳᠤᠷᠠᠲᠠᠶ᠎ᠠ ᠰᠷᠢ ᠯᠠᠨᠺᠠ ᠶᠢᠨ ᠣᠨᠴᠠᠯᠢᠭᠲᠤ ᠴᠢᠨᠠᠷ ᠰᠠᠶᠢᠲᠠᠢ ᠦᠢᠯᠡᠳᠬᠦᠨ ᠢ ᠬᠢᠯᠢ ᠪᠠᠷ ᠣᠷᠣᠭᠤᠯᠬᠤ ᠶᠢ ᠦᠷᠭᠦᠯᠵᠢᠯᠡᠨ ᠥᠷᠭᠡᠳᠬᠡᠵᠦ᠂ ᠳᠤᠮᠳᠠᠳᠤ ᠤᠯᠤᠰ ᠤᠨ | ᠠᠵᠤ ᠠᠬᠤᠶᠢᠯᠠᠯ ᠤᠨ ᠰᠷᠢ ᠯᠠᠨᠺᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠤᠨ᠎ᠠ᠂ ᠰᠷᠢ ᠯᠠᠨᠺᠠ ᠶᠢᠨ ᠬᠢᠨ ᠡᠷᠬᠡ ᠲᠡᠭᠰᠢ᠂ ᠢᠯᠡ | ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠷᠢ ᠯᠠᠨᠺᠠ ᠶᠢᠨ ᠠᠵᠤ ᠠᠬᠤᠢ ᠶᠢᠨ ᠭᠡᠯᠪᠡᠷᠢ ᠶᠢ | ᠬᠤᠪᠢᠷᠠᠭᠤᠯᠤᠨ ᠲᠡᠰ ᠳᠡᠪᠰᠢᠬᠦ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠲᠠᠪᠤᠨ ᠵᠠᠷᠴᠢᠮ ᠢ ᠤᠯᠠᠮ ᠴᠢᠨᠠᠭᠰᠢᠳᠠ ᠪᠠᠳᠠᠷᠠᠭᠤᠯᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ | ᠴᠢᠩᠭᠠᠳᠬᠠᠵᠤ᠂ ᠳᠤᠮᠳᠠᠳᠤ ᠰᠷᠢ ᠯᠠᠨᠺᠠ ᠶᠢᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠰᠠᠶᠢᠲᠤᠷ ᠬᠠᠮᠠᠭᠠᠯᠠᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃ | ᠭᠦᠨᠠᠸᠠᠳᠧᠨᠠ᠂ ᠰᠷᠢ ᠯᠠᠨᠺᠠ ᠳᠤᠮᠳᠠᠳᠤ ᠤᠯᠤᠰ ᠤᠯᠠᠮᠵᠢᠯᠠᠯᠲᠤ ᠨᠥᠬᠦᠷᠯᠡᠯ ᠲᠠᠢ ᠶᠤᠮ᠃ ᠰᠷᠢ ᠯᠠᠨᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ | ᠵᠠᠷᠴᠢᠮ ᠢ ᠤᠬᠳᠦ ᠭᠤᠶᠢᠪᠢᠰᠢ ᠦᠭᠡᠢ ᠵᠢᠷᠤᠮᠯᠠᠵᠤ᠂ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭᠠᠨ ᠤ ᠲᠦᠷᠦ ᠶᠢᠨ ᠪᠣᠳᠣᠯᠭ᠎ᠠ ᠶᠢ ᠤᠬᠳᠦ | ᠭᠤᠶᠢᠪᠢᠰᠢ ᠦᠭᠡᠢ ᠬᠡᠷᠡᠭᠵᠢᠭᠦᠯᠵᠦ᠂ ᠳᠤᠮᠳᠠᠳᠤ ᠤᠯᠤᠰ ᠢ ᠢᠮᠠᠭᠲᠠ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠪᠠ᠃ ᠰᠷᠢ ᠯᠠᠨᠺᠠ ᠶᠢᠨ | ᠬᠦᠴᠢᠷᠳᠡᠯ ᠲᠠᠢ ᠦᠶ᠎ᠡ ᠳᠤ ᠳᠤᠮᠳᠠᠳᠤ ᠤᠯᠤᠰ ᠢᠮᠠᠭᠲᠠ ᠴᠠᠭ ᠲᠤᠬᠠᠢ ᠳᠤᠨᠢ ᠲᠤᠰᠠᠯᠠᠮᠵᠢ ᠦᠵᠡᠭᠦᠯᠳᠡᠭ ᠢ ᠰᠷᠢ ᠯᠠᠨᠺᠠ ᠶᠢᠨ ᠬᠢᠨ ᠮᠠᠷᠲᠠᠬᠤ ᠦᠭᠡᠢ ᠶᠤᠮ᠂ ᠰᠷᠢ | ᠯᠠᠨᠺᠠ ᠳᠤᠮᠳᠠᠳᠤ ᠤᠯᠤᠰ ᠪᠣᠯ ᠬᠤᠪᠢ ᠵᠠᠶᠠᠭ᠎ᠠ ᠪᠠᠨ ᠬᠠᠮᠲᠤᠳᠬᠠᠭᠰᠠᠨ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠨᠠᠶᠢᠵᠠ ᠮᠥᠨ᠃ ᠺᠣᠯᠤᠮᠪᠤ ᠶᠢᠨ | ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠡᠷᠭᠡ ᠲᠦᠷᠦᠯ ᠵᠦᠢᠯ ᠨᠢ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠲᠤᠶᠢᠯ ᠤᠨ ᠶᠡᠭᠡ ᠪᠠᠷ ᠬᠥᠭᠵᠢᠭᠡᠵᠦ᠂ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢ ᠴᠦ ᠬᠦᠴᠦᠲᠡᠢ ᠠᠬᠢᠭᠤᠯᠤᠭᠰᠠᠨ ᠪᠠᠶᠢᠨ᠎ᠠ᠃ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ | ᠪᠠ ᠢᠳᠡᠪᠬᠢ ᠬᠦᠴᠦᠨ ᠨᠡᠮᠡᠷᠢᠯᠡᠵᠡᠢ᠂ ᠰᠷᠢ ᠯᠠᠨᠺᠠ ᠶᠢᠨ ᠬᠢᠨ ᠢᠳᠡᠪᠬᠢᠲᠡᠢ ᠣᠷᠣᠯᠴᠠᠨ ᠳᠡᠮᠵᠢᠨ᠎ᠠ ᠭᠡᠵᠦ ᠢᠯᠡᠳᠬᠡᠪᠡ᠃ ᠰᠷᠢ ᠯᠠᠨᠺᠠ ᠶᠢᠨ ᠬᠢᠨ ᠳᠤᠷᠠᠲᠠᠶ᠎ᠠ | ᠦᠷᠭᠦᠯᠵᠢᠯᠡᠨ ᠳᠤᠮᠳᠠᠳᠤ ᠤᠯᠤᠰ ᠯᠤᠭ᠎ᠠ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠵᠤ᠂ ᠰᠷᠢ ᠯᠠᠨᠺᠠ ᠳᠤᠮᠳᠠᠳᠤ ᠶᠢᠨ | ᠨᠥᠭᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠠᠵᠤ ᠠᠬᠤᠢ | ᠠᠷᠠᠯᠵᠢᠶ᠎ᠠ᠂ ᠰᠤᠷᠭᠠᠨ ᠬᠥᠮᠦᠵᠢᠯ᠂ ᠵᠢᠭᠤᠯᠴᠢᠯᠠᠯ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠥᠷᠭᠡᠳᠬᠡᠵᠦ᠂ ᠤᠯᠠᠨ ᠤᠯᠤᠰ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ |