ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ | ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 28 ᠤ ᠡᠳᠦᠷ ᠪᠡᠭᠡᠵᠢᠩ ᠤᠨ ︽8 · 1︾ ᠤ ᠶᠡᠭᠡ ᠠᠰᠠᠷ ᠲᠤ ᠶᠠᠪᠤᠭᠳᠠᠪᠠ᠃ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃ | | | | 3 ᠰᠠᠷ᠎ᠠ ᠶᠢᠨ 28 ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ | ᠶᠣᠰᠣᠯᠠᠯ ᠪᠡᠭᠡᠵᠢᠩ ᠤᠨ ︽8 · 1︾ ᠤ ᠶᠡᠭᠡ ᠠᠰᠠᠷ ᠲᠤ ᠶᠠᠪᠤᠭᠳᠠᠪᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠪᠠ᠃ ᠵᠢᠷᠤᠭ ᠪᠣᠯ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ | ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ | ᠡᠬᠢᠯᠡᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ ᠳᠡᠪᠰᠢᠭᠦᠯᠬᠦ ᠶᠣᠰᠣᠯᠠᠯ ᠢ ᠡᠷᠭᠢᠯᠡᠪᠡ᠃ | ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ᠄ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠷᠧᠨ ᠬᠤᠸᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠵᠠᠬᠢᠷᠤᠯ ᠰᠢᠶᠣᠣ | ᠲᠢᠶᠠᠨ ᠯᠢᠶᠠᠩ ᠪᠣᠯᠣᠨ᠎ᠠ᠃ | ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠰᠦᠷ ᠵᠢᠪᠬᠤᠭ᠎ᠠ ᠲᠠᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠪᠡ᠃ | ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠬᠤᠷᠠᠩᠳᠠ ᠭᠧᠨᠧᠷᠠᠯ ᠤᠨ ᠴᠡᠷᠢᠭ ᠤᠨ | ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ᠂ ᠶᠣᠰᠣᠯᠠᠯ ᠳᠤ ᠣᠷᠣᠯᠴᠠᠬᠰᠠᠨ ᠪᠦᠭᠦ ᠨᠥᠬᠦᠳ ᠲᠤ | ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃ ᠳᠠᠷᠠᠭ᠎ᠠ ᠨᠢ᠂ ᠰᠢ ᠶᠢᠨ ᠫᠢᠩ ᠵᠡᠷᠭᠡ | ᠤᠳᠤᠷᠢᠳᠬᠤ ᠨᠥᠬᠦᠳ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠪᠠ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ᠂ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ᠃ | |