ᠳ᠋ᠦᠩᠱᠧᠩ ᠲᠣᠭᠤᠷᠢᠭ ᠤᠨ ᠨᠣᠮ ᠤᠨ ᠰᠠᠩ ᠮᠢ ᠶᠢᠨ ᠨᠣᠮ ᠤᠨ ᠳᠡᠯᠭᠡᠭᠦᠷ ᠲᠤ ᠬᠡᠤᠬᠡᠳ ᠭᠡᠷ ᠤᠨ ᠠᠬᠠᠮᠠᠳ ᠤᠨ ᠠᠮᠢᠳᠤᠷᠠᠯ ᠤᠨ ᠨᠣᠮ ᠤᠩᠰᠢᠬᠤ ᠠᠵᠢᠯᠯᠠᠭ᠎ᠠ ᠬᠢᠪᠠ
ᠨᠡᠶᠢᠲᠡᠯᠡᠭᠰᠡᠨ ᠴᠠᠭ᠄
2024/3/29
     ᠤᠶᠠᠬᠠᠨ ᠬᠠᠪᠤᠷ ᠤᠨ ᠴᠠᠭ ᠤᠶᠠᠩᠭ᠎ᠠ ᠡᠬᠡᠰᠢᠭ ᠢᠶᠠᠷ ᠲᠦᠬᠦᠷᠡᠩ᠃ 3 ᠰᠠᠷ᠎ᠠ ᠶᠢᠨ 23  ᠤ ᠦᠳᠡ ᠶᠢᠨ ᠬᠤᠶᠢᠨ᠎ᠠ᠂ ᠳ᠋ᠦᠩᠱᠧᠩ ᠲᠣᠭᠤᠷᠢᠭ ᠤᠨ ᠨᠣᠮ ᠤᠨ ᠰᠠᠩ ᠮᠢ ᠶᠢᠨ ᠨᠣᠮ ᠤᠨ ᠳᠡᠯᠭᠡᠭᠦᠷ ᠲᠤ ︽ᠪᠢᠴᠢᠬᠠᠨ ᠪᠥᠵᠥᠩ ᠵᠣᠭᠤᠰ ᠵᠠᠷᠤᠵᠤ ᠰᠤᠷᠬᠤ︾ ᠪᠠᠷ ᠭᠤᠣᠯ ᠰᠡᠳᠦᠪ ᠪᠣᠯᠭᠠᠭᠰᠠᠨ ᠬᠡᠤᠬᠡᠳ ᠭᠡᠷ ᠤᠨ ᠠᠬᠠᠮᠠᠳ ᠤᠨ ᠠᠮᠢᠳᠤᠷᠠᠯ ᠤᠨ ᠨᠣᠮ ᠤᠩᠰᠢᠬᠤ ᠠᠵᠢᠯᠯᠠᠭ᠎ᠠ ᠬᠢᠪᠡ᠃ ᠬᠥᠪᠥᠩᠲᠦ ᠰᠢᠬᠢᠷ ᠡᠭᠡᠴᠢ ᠪᠢᠴᠢᠬᠠᠨ ᠤᠩᠰᠢᠭᠴᠢᠳ ᠤᠨ ᠨᠠᠰᠤ ᠵᠢᠯ ᠪᠠ ᠤᠶᠢᠯᠠᠭᠠᠬᠤ ᠴᠢᠳᠠᠪᠤᠷᠢ ᠶᠢᠨ ᠬᠢᠷᠢ ᠬᠡᠮᠵᠢᠶ᠎ᠡ ᠪᠠᠷ ᠪᠢᠴᠢᠬᠠᠨ ᠪᠥᠵᠥᠩ ᠵᠣᠭᠤᠰ ᠵᠠᠷᠤᠵᠤ ᠰᠤᠷᠬᠤ ᠦᠯᠢᠭᠡᠷ ᠢ ᠬᠤᠪᠢᠶᠠᠯᠴᠠᠵᠤ᠂ ᠪᠢᠴᠢᠬᠠᠨ ᠨᠠᠶᠢᠵᠠ ᠨᠠᠷ ᠲᠤ ᠵᠣᠭᠤᠰ ᠮᠥᠩᠭᠦᠨ ᠤ ᠦᠨ᠎ᠡ ᠦᠷᠳᠡᠭ ᠢ ᠲᠠᠨᠢᠭᠤᠯᠵᠤ᠂ ᠵᠣᠭᠤᠰ ᠮᠥᠩᠭᠦ ᠶᠢ ᠬᠡᠷᠬᠢᠨ ᠬᠠᠮᠢᠶᠠᠷᠬᠤ ᠶᠢ ᠵᠢᠭᠠᠵᠠᠢ᠃
1.4.jpg
       ᠰᠠᠨᠠᠯ ᠢᠶᠠᠨ ᠬᠤᠪᠢᠶᠠᠯᠴᠠᠨ ᠡᠳ᠋ᠯᠡᠬᠦ ᠭᠤᠭᠴᠤᠭ᠎ᠠ ᠨᠢ ᠴᠦ ᠪᠢᠴᠢᠬᠠᠨ ᠤᠩᠰᠢᠭᠴᠢᠳ ᠤᠨ ᠪᠠᠭ᠋ᠠᠷᠬᠠᠯ ᠢ ᠶᠡᠬᠡᠳᠡ ᠲᠠᠲᠠᠵᠤ᠂ ᠪᠢᠴᠢᠬᠠᠨ ᠤᠩᠰᠢᠭᠴᠢᠳ ᠨᠤᠮ ᠤᠩᠰᠢᠭᠰᠠᠨ ᠤ ᠳᠠᠷᠠᠭᠠᠬᠢ ᠲᠥᠷᠥᠭᠳᠡᠯ  ᠢᠶᠠᠨ ᠪᠤᠯᠢᠶᠠᠯᠳᠤᠨ ᠶᠠᠷᠢᠵᠤ᠂ ᠨᠢᠯᠬᠠᠰᠠᠭ ᠦᠭᠡ ᠶᠠᠷᠢᠶ᠎ᠠ᠂ ᠬᠠᠯᠠᠭᠤᠨ ᠬᠠᠷᠢᠭᠤ ᠲᠤᠰᠬᠠᠯ ᠢᠶᠠᠷ ᠬᠡᠷ ᠤᠨ ᠠᠬᠠᠮᠠᠳ ᠪᠣᠯᠣᠨ ᠦᠷ᠎ᠡ ᠬᠡᠦᠬᠡᠳ ᠤᠨ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠡ ᠠᠯᠬᠤᠮ  ᠬᠦᠨᠵᠡᠬᠡᠶᠢᠷᠡᠬᠦᠯᠦᠭᠰᠡᠨ ᠪᠠᠶᠢᠨ᠎ᠠ᠃       ᠲᠣᠰ ᠤᠳᠠᠭᠠᠨ ᠤ ᠬᠡᠦᠬᠡᠳ ᠬᠡᠷ ᠤᠨ ᠠᠬᠠᠮᠠᠳ ᠤᠨ ᠠᠮᠢᠳᠤᠷᠠᠯ ᠤᠨ ᠨᠣᠮ ᠤᠩᠰᠢᠬᠤ ᠠᠵᠢᠯᠯᠠᠭ᠎ᠠ ᠪᠠᠷ ᠳᠠᠮᠵᠢᠭᠤᠯᠤᠨ ᠬᠡᠷ ᠤᠨ ᠠᠬᠠᠮᠠᠳ ᠪᠤᠯᠤᠨ ᠬᠡᠦᠬᠡᠳ ᠲᠠᠢ ᠪᠠᠨ ᠨᠡᠪᠲᠡᠷᠡᠯᠴᠡᠬᠦ ᠬᠥᠭᠦᠷᠭᠡ ᠲᠠᠯᠪᠢᠵᠤ᠂ ᠨᠣᠮ ᠬᠡᠬᠡ ᠶᠢ ᠭᠡᠷ ᠪᠦᠯᠢ ᠪᠣᠯᠭᠠᠨ ᠬᠡᠶᠢᠬᠦᠯᠵᠤ᠂ ᠨᠣᠮ ᠤᠨ ᠦᠨᠦᠷ ᠠᠮᠳᠠ ᠶᠢ ᠬᠡᠦᠬᠡᠳ ᠲᠤ ᠠᠮᠳᠠᠯᠠᠭᠤᠯᠵᠠᠢ᠃
1.1.jpg
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ