【ᠲᠤᠷᠰᠢᠯᠭ᠎ᠠ ᠦᠷ᠎ᠡ ᠪᠦᠲᠦᠭᠡᠯ ᠢ ᠲᠦᠢᠯᠪᠤᠷᠢᠳᠡᠢ ᠪᠠᠶᠢᠴᠠᠭᠠᠬᠤ】ᠳ᠋ᠦᠩᠱᠧᠩ ᠲᠣᠭᠤᠷᠢᠭ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠠᠮᠢᠵᠢᠷᠠᠯ ᠤᠨ ᠬᠦᠴᠦᠨ ᠢ ᠬᠤᠷᠠᠮᠳᠤᠭᠤᠯᠵᠤ᠂ ᠣᠷᠴᠢᠨ ᠨᠦᠬᠦᠴᠡᠯ ᠢ ᠰᠢᠯᠢᠳᠡᠭᠵᠢᠬᠦᠯᠵᠤ᠂ ᠨᠠᠷᠠᠲᠤ ᠲᠡᠮᠳᠡᠭᠲᠦ ᠶᠢ  ᠠᠳᠬᠤᠨ ︽ᠳᠥᠷᠪᠡᠨ ᠪᠦᠬᠦ ᠪᠠᠷ ᠬᠤᠯᠪᠤᠭᠠᠯᠠᠨ ᠬᠦᠳᠡᠯᠦᠯᠴᠡᠵᠤ︾ ᠴᠢᠨᠠᠷ ᠰᠠᠶᠢᠲᠠᠢ ᠬᠡᠷᠡᠭᠯᠡᠭᠡᠨ ᠤ ᠠᠮᠢ ᠠᠬᠤᠢ ᠶᠢᠨ ᠬᠦᠷᠢᠶ᠎ᠡ ᠶᠢ ᠪᠣᠶ ᠪᠤᠯᠭᠠᠪᠠ
ᠨᠡᠶᠢᠲᠡᠯᠡᠭᠰᠡᠨ ᠴᠠᠭ᠄
2024/3/29
      ᠬᠡᠷᠡᠭᠯᠡᠭᠡ ᠪᠣᠯ ᠡᠴᠦᠰ ᠤᠨ ᠬᠡᠷᠡᠭᠴᠡᠭᠡ ᠮᠥᠨ᠂ ᠲᠡᠷᠡ ᠨᠢ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ ᠰᠢᠭᠤᠳ ᠬᠤᠯᠪᠣᠭᠳᠠᠵᠤ ᠪᠠᠶᠢᠳᠠᠭ᠃ ᠰᠢ ᠶᠢᠨ ᠫᠢᠩ ᠶᠡᠷᠦᠩᠬᠡᠢ ᠱᠦᠵᠢ ᠠᠴᠠ ᠬᠡᠷᠡᠭᠯᠡᠭᠡ ᠶᠢᠨ ᠠᠵᠤ ᠠᠬᠤᠢ ᠶᠢᠨ ᠣᠷᠴᠢᠯ ᠳᠤ ᠦᠵᠡᠭᠦᠯᠬᠦ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠬᠡᠵᠤ ᠴᠢᠬᠤᠯᠠᠴᠢᠯᠠᠭᠰᠠᠨ ᠪᠠᠶᠢᠳᠠᠭ᠃ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠱᠠᠭᠠᠷᠳᠠᠭᠰᠠᠨ ᠪᠠᠶᠢᠨ᠎ᠠ᠃ ᠳ᠋ᠦᠩᠱᠧᠩ ᠲᠣᠭᠤᠷᠢᠭ ᠤᠨ ᠬᠢᠨ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠡᠷᠡᠭᠯᠡᠭᠡᠨ ᠤ ᠲᠥᠪ ᠬᠤᠳᠠ ᠶᠢ ᠪᠦᠲᠦᠭᠡᠨ ᠪᠠᠶᠢᠭᠤᠯᠬᠤ ᠪᠠᠷ ᠤᠳᠤᠷᠢᠳᠤᠮᠵᠢ ᠪᠣᠯᠭᠠᠨ᠂ ᠬᠡᠷᠡᠭᠯᠡᠭᠡ ᠶᠢ ᠬᠥᠭᠵᠢᠭᠡᠨ ᠪᠠᠳᠠᠷᠠᠭᠤᠯᠵᠤ ᠤᠯᠠᠨ ᠳᠠᠪᠬᠤᠷ ᠨᠡᠮᠡᠭᠳᠡᠯ ᠤᠨ ᠲᠤᠶᠢᠯ ᠢ ᠪᠤᠢ ᠪᠤᠯᠭᠠᠬᠤ ᠪᠠᠷ ᠬᠠᠷᠠᠯᠲᠠ ᠪᠠᠨ ᠪᠤᠯᠭᠠᠵᠤ᠂ ᠬᠡᠷᠡᠭᠯᠡᠭᠡᠨ ᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡᠨ ᠤ ᠲᠠᠯᠳᠠ ᠬᠦᠴᠦᠨ ᠢ ᠬᠦᠭᠵᠢᠬᠡᠨ᠂ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡᠨ ᠤ ᠰᠢᠨ᠎ᠡ ᠬᠥᠳᠡᠯᠭᠡᠭᠴᠢ ᠬᠦᠴᠦᠨ ᠢ ᠲᠦᠷᠭᠡᠨ ᠢᠶᠠᠷ ᠳᠡᠬᠡᠭᠰᠢᠯᠡᠬᠦᠯᠬᠦ ᠶᠢ ᠠᠬᠢᠭᠤᠯᠪᠠ᠃ 2023 ᠣᠨ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 255.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠡᠢ᠃       ᠨᠢᠭᠡ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠵᠤ᠂ ᠬᠡᠷᠡᠭᠯᠡᠭᠡᠨ ᠤ ᠥᠨᠳᠥᠷ ᠦᠷ᠎ᠡ ᠪᠦᠲᠦᠮᠵᠢ ᠶᠢ ︽ᠪᠥᠬᠦ ᠲᠠᠯ᠎ᠠ ᠪᠠᠷ︾ ᠪᠠᠳᠠᠷᠠᠭᠤᠯᠪᠠ      ᠳ᠋ᠦᠩᠱᠧᠩ ᠲᠣᠭᠤᠷᠢᠭ ︽ᠣᠷᠳᠣᠰ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠳᠡᠭᠡᠭᠰᠢᠯᠡᠭᠦᠯᠬᠦ ︵ᠠᠷᠠᠯᠵᠢᠶ᠎ᠠ ᠬᠤᠳᠠᠯᠳᠤᠭ᠎ᠠ ᠶᠢ ᠬᠦᠴᠦᠷᠬᠡᠭᠵᠢᠭᠦᠯᠦᠨ ᠳᠣᠲᠣᠭᠠᠳᠤ ᠬᠡᠷᠡᠭᠴᠡᠭᠡ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠬᠤ︶ ᠵᠢᠴᠢ ᠬᠡᠷᠡᠭᠯᠡᠭᠡᠨ ᠤ ᠲᠥᠪ ᠬᠤᠲᠠ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2023 ︱ 2025 ᠣᠨ︶︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠡᠴᠦᠰ ᠪᠣᠯᠲᠠᠯ᠎ᠠ᠂ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠳ᠋ᠦᠩᠱᠧᠩ ᠲᠣᠭᠤᠷᠢᠭ ᠲᠤ ᠨᠡᠶᠢᠲᠡ 8000 ᠭᠠᠷᠤᠢ ᠲᠦᠮᠡᠨ ᠲᠥᠭᠦᠷᠢᠭ ᠤᠨ  ᠪᠡᠯᠡ ᠮᠥᠩᠭᠦ ᠣᠷᠣᠭᠤᠯᠵᠤ᠂ 60 ᠳ᠋ᠦᠩᠰᠢᠭᠤᠷ ᠲᠥᠭᠦᠷᠢᠭ ᠠᠴᠠ ᠳᠡᠭᠡᠭᠰᠢ ᠬᠡᠷᠡᠭᠯᠡᠭᠡ ᠶᠢ ᠰᠢᠭᠤᠳ ᠳᠠᠶᠢᠴᠢᠯᠠᠨ᠂ ᠬᠡᠷᠡᠭᠯᠡᠭᠡ ᠶᠢᠨ ᠬᠥᠰᠢᠭᠦᠷᠭᠡ ᠶᠢᠨ ᠬᠠᠷᠢᠴᠠᠯ 1:75 ᠳᠤ ᠬᠦᠷᠪᠡ᠃ 2022 ᠣᠨ ᠤ 10 ᠰᠠᠷ᠎ᠠ ᠠᠴᠠ 2024 ᠣᠨ ᠤ 1 ᠰᠠᠷ᠎ᠠ ᠪᠣᠯᠲᠠᠯ᠎ᠠ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠠᠵᠢᠯ ᠲᠥᠷᠥᠯ ᠤᠨ ᠰᠢᠨ᠎ᠡ ᠪᠠᠷ ᠬᠡᠪᠴᠢᠶᠡᠵᠢᠯ ᠠᠴᠠ ᠳᠡᠬᠡᠭᠰᠢᠬᠢ ᠠᠵᠤ ᠠᠬᠤᠶᠢᠯᠠᠯ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ︵ᠬᠤᠪᠢ ᠬᠥᠮᠥᠨ ᠪᠠᠭᠲᠠᠨ᠎ᠠ︶ ᠨᠡᠶᠢᠲᠡ 65 ᠪᠠᠶᠢᠵᠤ᠂ 400 ᠭᠠᠷᠤᠢ ᠲᠦᠮᠡᠨ ᠲᠥᠭᠦᠷᠢᠭ ᠤᠨ ᠱᠠᠩᠨᠠᠯ ᠣᠯᠭᠤᠵᠤ᠂ ᠠᠵᠤ ᠠᠬᠤᠶᠢᠯᠠᠯ ᠤᠨ ᠭᠠᠳᠠᠭᠰᠢ ᠭᠠᠷᠴᠤ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠵᠣᠷᠢᠭᠵᠢᠭᠤᠯᠵᠤ᠂ ᠬᠢᠯᠢ ᠶᠢᠨ ᠭᠠᠳᠠᠨᠠᠬᠢ ᠭᠤᠣᠯᠳᠠᠯᠭ᠎ᠠ ᠲᠠᠢ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠳᠤ ᠣᠶᠢᠷ᠎ᠠ ᠶᠢᠨ ᠭᠤᠷᠪᠠᠨ ᠵᠢᠯ ᠳᠤ ᠨᠡᠶᠢᠲᠡ 11 ᠲᠦᠮᠡᠨ ᠲᠥᠭᠦᠷᠢᠭ ᠤᠨ ᠵᠠᠷᠤᠳᠠᠯ ᠥᠭᠭᠦᠭᠰᠡᠨ ᠪᠠᠶᠢᠨ᠎ᠠ᠃ ᠲᠤᠰᠬᠠᠢ ᠪᠡᠯᠡ ᠮᠥᠩᠭᠦ ᠶᠢᠨ ᠣᠷᠣᠨ ᠪᠦᠰᠡ ᠶᠢᠨ ᠬᠡᠷᠡᠭᠯᠡᠭᠡ ᠳᠤ ᠦᠵᠡᠭᠦᠯᠬᠦ ᠳᠠᠶᠢᠴᠢᠯᠠᠬᠤ ᠪᠠ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ 2023 ᠣᠨ ᠳᠤ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠲᠤᠰᠬᠠᠢ ᠪᠡᠯᠡ ᠮᠥᠩᠭᠦ ᠪᠠ ᠳᠣᠲᠣᠭᠠᠳᠤ ᠠᠷᠠᠯᠵᠢᠶ᠎ᠠ ᠶᠢᠨ ᠭᠦᠢᠯᠭᠡᠭᠡᠨ ᠤ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ 1165 ᠲᠦᠮᠡᠨ ᠲᠥᠭᠦᠷᠢᠭ ᠳᠡᠮᠡᠴᠡᠨ ᠤᠯᠪᠠ᠃ ᠳᠤᠭᠤᠷᠢᠭ ᠤᠨ ᠡᠳ᠋ ᠤᠨ ᠵᠠᠰᠠᠭ ᠠᠴᠠ 100 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠵᠤ᠂ ︽ᠳ᠋ᠥᠸᠧ ᠳ᠋ᠥᠸᠧ ᠫᠢᠩ · ᠳ᠋ᠦᠩ e ᠰᠢᠩ︾ ᠲᠠᠪᠴᠠᠩ ᠳᠤ ᠲᠦᠰᠢᠭᠯᠡᠨ᠂ ᠬᠡᠷᠡᠭᠯᠡᠭᠡ ᠶᠢᠨ ᠬᠤᠪᠢ ᠬᠤᠷᠠᠮᠳᠤᠭᠤᠯᠬᠤ ᠬᠡᠯᠪᠡᠷᠢ ᠪᠠᠷ ᠢᠲᠡᠭᠡᠯ ᠵᠣᠷᠢᠭ ᠢ ᠬᠥᠪᠴᠢᠯᠡᠵᠦ᠂ ᠬᠡᠷᠡᠭᠯᠡᠭᠡ ᠶᠢ ᠬᠥᠲᠥᠯᠥᠨ ᠵᠢᠯᠤᠭᠤᠳᠴᠤ᠂ ᠲᠤᠰᠬᠠᠢ  ᠬᠡᠷᠡᠭᠯᠡᠭᠡ ᠶᠢᠨ ᠬᠤᠷᠠᠮᠳᠤᠯ ᠬᠤᠪᠢ ᠶᠢ ᠪᠡᠯᠡᠨ ᠵᠤᠭᠤᠰ ᠪᠤᠯᠭᠠᠬᠤ ᠠᠵᠢᠯᠯᠠᠭ᠎ᠠ ᠦᠷᠨᠢᠬᠦᠯᠪᠡ᠃ ᠳ᠋ᠦᠩᠱᠧᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠰᠢᠨ ᠲᠡᠷᠭᠡᠨ ᠤ ᠬᠡᠷᠡᠭᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠯ ᠤᠨ ᠡᠴᠦᠰ ᠲᠤ 300 ᠲᠦᠮᠡᠨ ᠲᠥᠭᠦᠷᠢᠭ ᠤᠨ ᠬᠡᠷᠡᠭᠯᠡᠭᠡᠨ ᠤ ᠨᠥᠬᠦᠪᠦᠷᠢ ᠶᠢ ᠨᠢᠭᠡᠳᠦᠯᠲᠡᠢ ᠲᠥᠯᠥᠪᠯᠡᠨ ᠲᠠᠷᠬᠠᠭᠠᠵᠤ᠂ ᠮᠠᠰᠢᠨ ᠲᠡᠷᠭᠡᠨ ᠤ ᠬᠡᠷᠡᠭᠯᠡᠭᠡᠨ ᠤ ᠥᠷᠨᠢᠯᠲᠡ ᠶᠢ ᠳᠠᠶᠢᠴᠢᠯᠠᠨ᠂ 1209 ᠮᠠᠰᠢᠨ ᠲᠡᠷᠭᠡᠨ ᠤ ᠪᠣᠷᠤᠯᠠᠭᠤᠯᠭ᠎ᠠ ᠶᠢ ᠳᠠᠶᠢᠴᠢᠯᠠᠵᠤ᠂ ᠪᠣᠷᠤᠯᠠᠭᠤᠯᠭ᠎ᠠ ᠶᠢᠨ ᠦᠷᠳᠡᠭ ᠢ 2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2023 ᠣᠨ ᠳᠤ ᠳ᠋ᠦᠩᠱᠧᠩ ᠲᠣᠭᠤᠷᠢᠭ ᠤᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ 37313 ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 14.1% ᠪᠠᠷ ᠨᠡᠮᠡᠭᠳᠡᠪᠡ᠃      ᠬᠤᠶᠠᠷ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡᠨ ᠤ ᠰᠢᠨ᠎ᠡ ᠠᠮᠢᠳᠤᠯᠢᠭ ᠬᠦᠴᠦᠨ ᠢ ︽ᠪᠥᠬᠦ ᠵᠢᠯ︾ ᠢᠶᠠᠷ ᠬᠦᠭᠵᠢᠬᠡᠪᠡ      ᠳ᠋ᠦᠩᠱᠧᠩ ᠲᠣᠭᠤᠷᠢᠭ ︽ᠬᠤᠷᠠᠯ ᠦᠵᠡᠰᠬᠦᠯᠡᠩ ᠤᠨ ᠠᠵᠤ ᠠᠬᠤᠢ︾᠂ ᠠᠷᠠᠳ ᠲᠤ ᠠᠰᠢᠭ ᠬᠦᠷᠲᠡᠭᠡᠬᠦ ᠮᠠᠰᠢᠨ ᠲᠡᠷᠭᠡᠨ ᠤ ᠦᠵᠡᠰᠬᠦᠯᠡᠩ᠂ ᠳᠦᠷᠪᠡᠨ ᠤᠯᠠᠷᠢᠯ ᠢᠶᠠᠷ ᠪᠠᠷᠠᠭ᠎ᠠ ᠬᠤᠳᠠᠯᠳᠤᠨ ᠠᠪᠬᠤ᠂ ᠪᠠᠶᠠᠷ ᠳᠤᠷᠠᠰᠬᠠᠯ ᠤᠨ ᠠᠵᠢᠯᠯᠠᠭ᠎ᠠ ᠵᠡᠷᠭᠡ ᠶᠢᠨ ᠲᠣᠭᠤᠷᠢᠨ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠬᠡᠷᠡᠭᠯᠡᠭᠡᠨ ᠤ ᠠᠵᠤ ᠠᠬᠤᠢ ᠶᠢᠨ ᠲᠦᠷᠬᠡᠨ ᠦᠰᠦᠯᠳᠡ ᠶᠢ ᠪᠡᠶᠡᠯᠡᠬᠦᠯᠵᠤ᠂ 2023 ᠣᠨ ᠳᠤ ᠨᠡᠶᠢᠳᠡ 11.38 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠲᠠᠶᠢᠴᠢᠯᠠᠵᠠᠢ᠃ ᠨᠢᠭᠡ ᠳᠤ ︽ᠬᠤᠷᠠᠯ ᠦᠵᠡᠰᠬᠦᠯᠡᠩ ᠤᠨ ᠠᠵᠤ ᠠᠬᠤᠢ︾ ᠶᠢ ᠪᠣᠶᠢᠵᠢᠭᠤᠯᠤᠨ ᠬᠡᠷᠡᠭᠯᠡᠭᠡ ᠶᠢ ᠠᠬᠢᠭᠤᠯᠵᠤ᠂ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠣᠷᠳᠣᠰ ᠪᠦᠯᠦᠭᠯᠡᠯ᠂ ᠫᠠ ᠯᠠᠨ ᠳ᠋ᠢ ᠢᠮᠠᠭᠠᠨ ᠨᠤᠤᠯᠤᠭᠤᠷ᠂ ᠾᠧ ᠰᠢᠩ ᠪᠦᠯᠦᠭᠯᠡᠯ ᠵᠡᠷᠭᠡ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠯ᠎ᠡ ᠲᠥᠷᠥᠯ ᠤᠨ ᠬᠤᠷᠠᠯ ᠦᠵᠡᠰᠬᠦᠯᠡᠩ ᠤᠨ ᠠᠵᠢᠯᠯᠠᠭ᠎ᠠ ᠳᠤ ᠤᠷᠤᠯᠴᠠᠭᠤᠯᠪᠠ᠃ 2023 ᠣᠨ ᠳᠤ ᠠᠩᠬᠠᠳᠤᠭᠠᠷ ᠬᠤᠭᠤᠴᠠᠭᠠᠨ ᠤ ᠣᠷᠳᠣᠰ ᠤᠨ ᠨᠠᠮᠤᠷ ᠤᠨ ᠤᠯᠠᠷᠢᠯ ᠤᠨ ᠠᠷᠠᠳ ᠲᠤ ᠠᠰᠢᠭ ᠬᠦᠷᠲᠡᠭᠡᠬᠦ ᠦᠵᠡᠰᠬᠦᠯᠡᠩ ᠤᠨ ᠴᠤᠭᠯᠠᠭᠠᠨ ᠢ ᠡᠷᠭᠢᠯᠡᠵᠦ᠂ ᠨᠡᠶᠢᠲᠡ 1800 ᠲᠦᠮᠡᠨ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠳᠠᠶᠢᠴᠢᠯᠠᠪᠠ᠃ ᠬᠤᠶᠠᠷ ᠲᠤ ᠮᠠᠰᠢᠨ ᠲᠡᠷᠭᠡᠨ ᠤ ᠬᠡᠷᠡᠭᠯᠡᠭᠡᠨ ᠤ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠶᠠᠷ ᠤᠨ ᠡᠳᠦᠷ ᠤᠨ ᠠᠵᠢᠯᠯᠠᠭᠠᠨ ᠤ ᠠᠵᠠ ᠲᠣᠬᠢᠶᠠᠯ ᠢ ᠡᠵᠡᠮᠳᠡᠨ᠂ ᠠᠷᠠᠳ ᠲᠤ ᠠᠰᠢᠭ ᠬᠦᠷᠲᠡᠭᠡᠬᠦ ᠮᠠᠰᠢᠨ ᠲᠡᠷᠭᠡᠨ ᠤ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠨ ᠠᠨ ᠪᠦᠯᠦᠭᠯᠡᠯ᠂ ᠳ᠋ᠧ ᠯᠢ ᠮᠠᠰᠢᠨ ᠲᠡᠷᠭᠡ᠂ ᠤᠣ ᠵᠢᠶᠧ ᠲᠦᠩ ᠵᠡᠷᠭᠡ 60 ᠮᠠᠰᠢᠨ ᠲᠡᠷᠭᠡᠨ ᠤ ᠠᠵᠤ ᠠᠬᠤᠶᠢᠯᠠᠯ ᠤᠨ ᠦᠵᠡᠭᠦᠯᠦᠯᠭᠡ ᠳᠤ ᠣᠷᠣᠯᠴᠠᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ 2023 ᠣᠨ ᠳᠤ ᠨᠡᠶᠢᠲᠡ 5 ᠤᠳᠠᠭᠠᠨ ᠤ ᠮᠠᠰᠢᠨ ᠲᠡᠷᠭᠡᠨ ᠤ ᠦᠵᠡᠭᠦᠯᠦᠯᠭᠡ ᠶᠢ ᠡᠷᠭᠢᠯᠡᠵᠦ᠂ 3000 ᠮᠠᠰᠢᠨ ᠳᠡᠷᠬᠡ ᠪᠤᠷᠤᠯᠠᠭᠤᠯᠵᠤ᠂ 5 ᠳ᠋ᠦᠩᠰᠢᠭᠤᠷ ᠲᠥᠭᠦᠷᠢᠭ ᠤᠨ ᠠᠷᠠᠯᠵᠢᠶᠠᠨ ᠤ ᠬᠡᠮᠵᠢᠶ᠎ᠡ ᠶᠢ ᠪᠡᠶᠡᠯᠡᠭᠦᠯᠵᠦ᠂ ᠦᠵᠡᠭᠦᠯᠦᠯᠭᠡ ᠶᠢ ᠦᠵᠡᠭᠰᠡᠨ ᠬᠥᠮᠥᠨ ᠤ ᠲᠤᠭ᠎ᠠ ᠨᠡᠶᠢᠲᠡ 10 ᠲᠦᠮᠡ ᠭᠠᠷᠤᠢ ᠬᠥᠮᠥᠨ ᠤᠳᠠᠭ᠎ᠠ ᠳᠤ ᠬᠦᠷᠴᠡᠢ᠃ ᠭᠤᠷᠪᠠ ᠳᠤ ᠳᠥᠷᠪᠡᠨ ᠤᠯᠠᠷᠢᠯ ᠢᠶᠠᠷ ᠪᠠᠷᠠᠭ᠎ᠠ ᠬᠤᠳᠠᠯᠳᠤᠨ ᠠᠪᠴᠤ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 10 ᠲᠠᠯᠠᠪᠤᠷ ᠶᠠᠪᠤᠭᠳᠠᠭᠤᠯᠵᠤ᠂ 40 ᠭᠠᠷᠤᠢ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ 300 ᠭᠠᠷᠤᠢ ᠨᠠᠷᠠᠲᠤ ᠲᠡᠮᠳᠡᠭᠲᠦ ᠶᠢ ᠬᠥᠲᠥᠯᠥᠨ ᠵᠢᠯᠤᠭᠤᠳᠴᠤ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ︽ᠳ᠋ᠦᠩᠱᠧᠩ ᠨᠡᠶᠢᠳᠡᠯᠡᠯ︾ ᠵᠢᠷᠬᠢᠶ᠎ᠡ ᠶᠢᠨ ᠳᠠᠪᠴᠠᠩ ᠪᠠ ︽ᠦᠵᠡᠰᠬᠦᠯᠡᠩᠲᠦ ᠰᠠᠶᠢᠬᠠᠨ ᠳ᠋ᠦᠩᠱᠧᠩ︾ APP ᠳᠤ ᠪᠥᠬᠦ ᠶᠠᠪᠤᠴᠠ ᠶᠢ ᠰᠢᠭᠤᠳ ᠨᠡᠪᠲᠡᠷᠡᠭᠦᠯᠬᠦ ᠪᠠᠷ ᠳᠠᠮᠵᠢᠭᠤᠯᠤᠨ᠂ ᠵᠣᠭᠤᠰ ᠣᠷᠣᠯᠠᠬᠤ ᠲᠡᠮᠳᠡᠭᠲᠦ᠂ ᠬᠡᠷᠡᠭᠯᠡᠭᠡᠨ ᠤ ᠬᠤᠷᠠᠮᠳᠤᠯ ᠬᠤᠪᠢ᠂ ᠰᠣᠯᠢᠵᠤ ᠬᠤᠳᠠᠯᠳᠤᠨ ᠠᠪᠬᠤ ᠪᠡᠯᠡᠭ᠂ ᠬᠤᠷᠠᠮᠳᠤᠯ ᠬᠤᠪᠢ ᠪᠠᠨ ᠪᠡᠯᠡᠨ ᠵᠣᠭᠤᠰ ᠪᠣᠯᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ 2023 ᠣᠨ ᠳᠤ 5 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠳᠥᠷᠪᠡ ᠳᠤ ︽ᠣᠷᠳᠣᠰ ᠤᠨ ᠢᠮᠠᠭᠠᠨ ᠨᠤᠤᠯᠤᠭᠤᠷ︾ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠡᠵᠡᠩᠨᠡᠯᠲᠡ ᠶᠢ ᠠᠬᠢᠭᠤᠯᠵᠤ᠂ 2023 ᠣᠨ ᠳᠤ᠂ ᠳ᠋ᠦᠩᠱᠧᠩ ᠲᠣᠭᠤᠷᠢᠭ ︽ᠬᠤᠤᠰ ᠠᠷᠪᠠᠨ ᠨᠢᠬᠡᠨ︾ ᠤ ᠭᠤᠣᠯᠳᠠᠯᠭ᠎ᠠ ᠲᠠᠢ ᠬᠡᠷᠡᠭᠯᠡᠭᠡᠨ ᠤ ᠴᠠᠭ ᠬᠤᠭᠤᠴᠠᠭᠠᠨ ᠤ ᠠᠵᠠ ᠲᠣᠬᠢᠶᠠᠯ ᠢ ᠠᠰᠢᠭᠯᠠᠨ᠂ ᠪᠦᠬᠦ ᠬᠤᠳᠠ ᠶᠢᠨ ︽ᠬᠤᠤᠰ ᠠᠷᠪᠠᠨ ᠨᠢᠬᠡᠨ︾ ᠤ ᠢᠮᠠᠭᠠᠨ ᠨᠤᠤᠯᠤᠭᠤᠷ ᠤᠨ ᠡᠯᠧᠺᠲᠷᠣᠨ ᠬᠤᠳᠠᠯᠳᠤᠭᠠᠨ ᠤ ᠲᠤᠰᠬᠠᠢ ᠲᠠᠯᠠᠪᠤᠷ ᠤᠨ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠪᠡ᠃ ᠠᠵᠢᠯᠯᠠᠭᠠᠨ ᠤ ᠬᠤᠭᠤᠴᠠᠭᠠᠨ ᠳᠤ 6 ᠲᠦᠮᠡᠨ ᠬᠤᠪᠢ ᠶᠢᠨ ᠪᠤᠷᠤᠯᠠᠭᠤᠯᠭ᠎ᠠ ᠶᠢ ᠳᠠᠪᠠᠵᠤ᠂ ᠪᠤᠷᠤᠯᠠᠭᠤᠯᠭ᠎ᠠ ᠶᠢᠨ ᠦᠷᠳᠡᠭ ᠨᠢ 1.2 ᠳ᠋ᠦᠩᠰᠢᠭᠤᠷ ᠲᠥᠭᠦᠷᠢᠭ ᠲᠤ ᠬᠦᠷᠪᠡ᠃      ᠭᠤᠷᠪᠠ᠂ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠡᠷᠡᠭᠯᠡᠭᠡᠨ ᠤ ᠳᠠᠬᠢᠨ ᠳᠡᠰ ᠳᠡᠪᠰᠢᠬᠦ ᠶᠢ ︽ᠪᠦᠬᠦᠨ ᠳᠠᠯ᠎ᠠ ᠪᠠᠷ ᠳᠠᠶᠢᠴᠢᠯᠠᠨ︾ ᠠᠬᠢᠭᠤᠯᠪᠠ      ᠳ᠋ᠦᠩᠱᠧᠩ ᠲᠣᠭᠤᠷᠢᠭ ᠤᠨ ᠬᠢᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠵᠡᠭᠡᠯᠢ ᠭᠤᠳᠤᠮᠵᠢ ᠶᠢᠨ ᠪᠠᠶᠢᠳᠠᠯ ᠳᠤᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠸᠠᠨ ᠳ᠋ᠠ ᠬᠤᠶᠠᠳᠤᠭᠠᠷ ᠬᠤᠭᠤᠴᠠᠭ᠎ᠠ᠂ ᠬᠠᠭᠤᠴᠢᠨ ᠵᠡᠭᠡᠯᠢ ᠶᠢᠨ ᠲᠣᠭᠤᠷᠢᠭ᠂ ᠠᠷᠠᠳ ᠲᠤ ᠲᠦᠬᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠬᠦᠷᠢᠶ᠎ᠡ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠶᠢᠭᠠᠯᠢ᠂ ᠰᠣᠶᠣᠯ ᠢᠷᠭᠡᠨᠰᠢᠯ᠂ ᠬᠡᠷᠡᠭᠯᠡᠭᠡᠨ ᠤ ᠣᠷᠴᠢᠨ ᠲᠣᠭᠤᠷᠢᠨ ᠪᠣᠯᠣᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠮᠡᠳᠡᠭᠳᠡᠮ᠎ᠡ ᠳᠡᠭᠡᠭᠰᠢᠯᠡᠭᠦᠯᠵᠦ᠂ ᠡᠵᠡᠩᠨᠡᠯᠲᠡ ᠶᠢᠨ ᠬᠡᠪᠴᠢᠶ᠎ᠡ ᠶᠢ ᠥᠷᠭᠡᠳᠬᠡᠬᠦ᠂ ᠬᠡᠷᠡᠭᠯᠡᠭᠡᠨ ᠤ ᠲᠡᠰ ᠳᠡᠪᠰᠢᠬᠦ ᠶᠢ ᠠᠬᠢᠭᠤᠯᠬᠤ᠂ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠵᠡᠷᠭᠡ ᠳᠤ ᠬᠦᠴᠦᠲᠡᠢ ᠪᠠᠲᠤᠯᠠᠭ᠎ᠠ ᠬᠠᠩᠭᠠᠪᠠ᠃ ᠣᠲᠣ ᠪᠣᠯᠲᠠᠯ᠎ᠠ᠂ ᠨᠢᠭᠡᠨᠲᠡ 3 ᠲᠣᠮᠣ ᠭᠤᠣᠯ ᠬᠤᠳᠠᠯᠳᠤᠭᠠᠨ ᠤ ᠲᠣᠭᠤᠷᠢᠭ᠂ 1 ᠲᠦᠮᠡ ᠭᠠᠷᠤᠢ ᠬᠤᠳᠠᠯᠳᠤᠭᠠᠨ ᠤ ᠲᠣᠣᠷ ᠴᠢᠭ᠂ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠬᠤᠳᠠᠯᠳᠤᠭᠠᠨ ᠤ ᠲᠣᠣᠷ ᠴᠢᠭ ᠢ 26 ᠪᠠᠶᠢᠭᠤᠯᠵᠤ᠂ 2 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠨᠢᠭᠡ ᠳᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠢᠳᠡᠪᠬᠢᠲᠡᠢ ᠰᠢᠯᠢᠳᠡᠭᠵᠢᠬᠦᠯᠦᠨ᠂ ᠬᠤᠳᠠᠯᠳᠤᠭᠠᠨ ᠤ ᠲᠣᠭᠤᠷᠢᠭ ᠤᠨ ᠢᠵᠢ ᠪᠦᠷᠢᠳᠦᠭᠦᠯᠬᠦ ᠲᠦᠷᠦᠯ ᠵᠦᠢᠯ ᠢ ᠲᠡᠭᠦᠯᠳᠡᠷᠵᠢᠭᠦᠯᠵᠦ᠂ ᠸᠠᠨ ᠳ᠋ᠠ ᠸᠠᠩ ᠹᠦ᠋ ᠵᠢᠩ ᠬᠤᠳᠠᠯᠳᠤᠭᠠᠨ ᠤ ᠲᠣᠭᠤᠷᠢᠭ ᠤᠨ ᠸᠠᠨ ᠳ᠋ᠠ ᠠᠭᠤᠳᠠᠮ ᠲᠠᠯᠠᠪᠠᠢ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠂ ᠸᠠᠨ ᠳ᠋ᠠ ᠠᠭᠤᠳᠠᠮ ᠲᠠᠯᠠᠪᠠᠢ ᠶᠢᠨ ᠨᠢᠭᠡᠳᠦᠭᠡᠷ ᠬᠤᠭᠤᠴᠠᠭ᠎ᠠ᠂ ᠶᠢᠨ ᠵᠢᠶᠧ ᠶᠢ ᠠᠭᠤᠰᠤᠯᠴᠠᠭᠤᠯᠵᠤ 20 ᠲᠦᠮᠡᠨ ᠲᠡᠭᠰᠢ ᠳᠥᠷᠪᠡᠯᠵᠢᠨ ᠮᠧᠲᠷ ᠤᠨ ᠬᠤᠳᠠ ᠶᠢᠨ ᠪᠢᠴᠢᠯ ᠵᠤᠭᠠᠴᠠᠯ ᠰᠡᠯᠡᠭᠦᠴᠡᠯ ᠤᠨ ᠬᠤᠳᠠᠯᠳᠤᠭᠠᠨ ᠤ ᠲᠥᠪ ᠢ ᠪᠠᠶᠢᠭᠤᠯᠵᠤ᠂ ᠬᠤᠳᠠ ᠶᠢᠨ ᠬᠡᠷᠡᠭᠯᠡᠭᠡᠨ ᠤ ᠴᠢᠳᠠᠪᠤᠷᠢ ᠶᠢᠨ ᠲᠡᠰ ᠢ ᠴᠢᠨᠠᠭᠰᠢᠳᠠ ᠳᠡᠬᠡᠭᠰᠢᠯᠡᠬᠦᠯᠪᠡ᠃ ᠲᠣᠰ ᠲᠥᠷᠥᠯ ᠵᠦᠢᠯ ᠢ ᠳ᠋ᠦᠩ ᠹᠠᠩ ᠬᠤᠪᠢ ᠡᠵᠡᠮᠳᠡᠭᠰᠡᠨ ᠪᠦᠯᠦᠭᠯᠡᠯ ᠪᠣᠯᠣᠨ ᠳ᠋ᠠᠯᠢᠶᠠᠨ ᠤ ᠸᠠᠨ ᠳ᠋ᠠ ᠪᠦᠯᠦᠭᠯᠡᠯ ᠬᠠᠮᠲᠤ ᠪᠠᠷ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 11.13 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠵᠢᠱᠢᠯᠲᠡ ᠪᠠᠷ 2024 ᠣᠨ ᠤ 12 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠶᠢᠭᠤᠯᠤᠨ ᠳᠠᠭᠤᠰᠬᠠᠵᠤ᠂ 2025 ᠣᠨ ᠤ 2 ᠰᠠᠷ᠎ᠠ ᠳᠤ ᠵᠢᠩᠬᠢᠨᠢ ᠪᠠᠷ ᠠᠰᠢᠭᠯᠠᠯᠳᠠ ᠳᠤ ᠤᠷᠤᠨ᠎ᠠ᠃ ᠬᠤᠶᠠᠷ ᠲᠤ ᠠᠴᠢᠶᠠᠯᠠᠪᠤᠷᠢ ᠶᠢ ᠲᠡᠰ ᠳᠡᠪᠰᠢᠭᠦᠯᠵᠦ ᠬᠡᠷᠡᠭᠯᠡᠭᠡᠨ ᠤ ᠣᠷᠣᠨ ᠵᠠᠢ ᠶᠢ ᠪᠤᠢ ᠪᠤᠯᠭᠠᠪᠠ᠃ ᠵᠡᠭᠡᠯᠢ ᠲᠣᠭᠤᠷᠢᠭ᠂ ᠬᠤᠳᠠᠯᠳᠤᠭᠠᠨ ᠤ ᠲᠣᠭᠤᠷᠢᠭ ᠵᠡᠷᠭᠡ ᠭᠤᠣᠯᠳᠠᠯᠭ᠎ᠠ ᠲᠠᠢ ᠠᠴᠢᠶᠠᠯᠠᠪᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠴᠡᠭᠡ ᠱᠠᠭᠠᠷᠳᠠᠯᠭ᠎ᠠ ᠶᠢ ︽ᠪᠦᠬᠦᠨ ᠢ ᠬᠠᠮᠤᠷᠴᠤ︾᠂ ᠬᠤᠲᠠ ᠶᠢᠨ ᠰᠢᠨᠡᠴᠢᠯᠡᠯᠲᠡ ᠪᠠᠷ ᠬᠡᠷᠡᠭᠯᠡᠭᠡᠨ ᠤ ᠴᠤᠭᠯᠠᠷᠠᠯ ᠤᠨ ᠲᠠᠯᠠᠪᠠᠶ ᠶᠢ ᠪᠣᠶ ᠪᠤᠯᠭᠠᠪᠠ᠃ ᠬᠤᠸᠠ ᠷᠦᠩ ᠬᠤᠳᠠᠯᠳᠤᠭᠠᠨ ᠤ ᠠᠰᠠᠷ᠂ ᠵᠢᠶᠠ ᠵᠢᠶᠠ ᠴᠢᠩ ᠴᠤᠸᠠᠩ · ᠤᠷᠳᠤᠰ ᠤᠨ ᠡᠯᠪᠡᠭ ᠪᠤᠶᠠᠨᠳᠤ ᠭᠤᠳᠤᠮᠵᠢ᠂ ᠳ᠋ᠦᠩᠱᠧᠩ 1980 ᠵᠡᠷᠭᠡ ᠠᠷᠪᠠᠨ ᠬᠤᠶᠠᠷ ᠵᠡᠭᠡᠯᠢ ᠲᠣᠭᠤᠷᠢᠭ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠰᠢᠨ᠎ᠡ ᠠᠬᠤᠢ ᠪᠠᠶᠢᠳᠠᠯ ᠢ ᠲᠦᠷᠭᠡᠳᠬᠡᠨ ᠲᠦᠭᠡᠮᠡᠯᠵᠢᠭᠦᠯᠦᠨ ᠬᠡᠷᠡᠭᠯᠡᠭᠰᠡᠨ ᠰᠠᠭᠤᠷᠢᠨ ᠳᠡᠭᠡᠷ᠎ᠡ᠂ ︽  ᠠᠷᠢᠯᠭᠠᠬᠤ ᠴᠡᠭᠴᠡᠯᠡᠬᠦ ᠠᠬᠢᠭᠤᠯᠬᠤ︾ ᠶᠢ ᠬᠤᠲᠠ ᠶᠢᠨ ᠰᠢᠨᠡᠴᠢᠯᠡᠯᠲᠡ ᠯᠦᠭᠡ ᠣᠷᠭᠠᠨᠢᠭ ᠢᠶᠠᠷ ᠵᠣᠯᠭᠠᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭᠵᠢᠭᠤᠯᠤᠨ᠂ ᠬᠠᠭᠤᠴᠢᠨ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢᠶᠠᠷ ᠳᠠᠮᠵᠢᠭᠤᠯᠤᠨ ᠨᠠᠷᠠᠲᠤ ᠲᠥᠷᠥᠯ ᠲᠡᠮᠳᠡᠭᠲᠦ ᠴᠤᠭᠯᠠᠷᠠᠭᠰᠠᠨ᠂ ᠠᠶᠠᠯᠠᠨ ᠵᠤᠷᠴᠢᠭᠰᠠᠳ ᠬᠥᠭᠵᠢᠶᠡᠨᠲᠡᠢ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠭᠰᠠᠨ ᠬᠤᠲᠠ ᠶᠢᠨ ᠠᠮᠢᠳᠤᠷᠠᠯ ᠤᠨ ᠰᠢᠨ᠎ᠡ ᠴᠤᠭᠯᠠᠷᠠᠯ ᠤᠨ ᠲᠠᠯᠠᠪᠠᠶ ᠶᠢ ᠪᠣᠶ ᠪᠤᠯᠭᠠᠪᠠ᠃ ᠭᠤᠷᠪᠠ ᠳᠤ ᠠᠷᠠᠳ ᠲᠤ ᠳᠥᠭᠦᠮ ᠦᠵᠡᠭᠦᠯᠬᠦ‍ ᠨᠢᠭᠡ ᠮᠥᠴᠡ ᠶᠢᠨ ᠠᠮᠢᠳᠤᠷᠠᠯ ᠤᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ︽ᠨᠢᠭᠡ ᠲᠣᠭᠤᠷᠢᠭ ᠨᠢᠭᠡ ᠣᠨᠴᠠᠯᠢᠭ︾ ᠲᠠᠢ ᠨᠢᠭᠲᠠ ᠤᠶᠠᠯᠳᠤᠭᠤᠯᠤᠨ᠂ ᠭᠤᠷᠪᠠᠨ ᠱᠠᠲᠤ ᠬᠤᠪᠢᠶᠠᠨ ᠪᠥᠬᠦ ᠳᠤᠭᠤᠷᠢᠭ ᠢᠶᠠᠷ ᠢᠶᠠᠨ ᠠᠰᠢᠭ ᠬᠦᠷᠳᠡᠭᠰᠡᠨ ︽ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠰᠤᠷᠤᠯᠴᠠᠬᠤ ᠳᠤ ᠲᠣᠬᠢᠷᠠᠮᠵᠢᠲᠠᠢ᠂ ᠰᠤᠪᠢᠯᠠᠬᠤ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ︾ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠪᠠᠶᠢᠭᠤᠯᠵᠤ᠂ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢᠨ ᠲᠣᠭᠠᠴᠢᠯᠠᠭᠰᠠᠨ ᠲᠠᠪᠴᠠᠩ ᠢ ᠵᠡᠷᠭᠡ ᠳᠤᠨᠢ ᠪᠠᠶᠢᠭᠤᠯᠵᠤ᠂ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡ ᠪᠠᠷ ᠨᠡᠶᠢᠭᠡᠮ ᠲᠣᠭᠤᠷᠢᠭ ᠲᠤ ︽ᠣᠶᠤᠨ︾ ᠬᠦᠷᠳᠡᠬᠡᠵᠤ᠂ ᠬᠤᠲᠠ ᠳᠤ ︽ᠴᠢᠳᠠᠪᠤᠷᠢ︾ ᠣᠯᠭᠤᠵᠤ᠂ ᠨᠠᠷᠢᠯᠢᠭ ᠣᠨᠣᠴᠠᠲᠠᠢ᠂ ᠳᠥᠭᠦᠮ ᠳᠥᠲᠡ᠂ ᠣᠶᠤᠨᠴᠢᠯᠠᠯᠲᠠ ᠪᠠᠷ ᠰᠠᠭᠤᠭᠠᠯᠢ ᠠᠷᠠᠳ ᠲᠤ ᠦᠢᠯᠡᠴᠢᠯᠡᠪᠡ᠃       ᠳᠥᠷᠪᠡ᠂ ᠨᠠᠷᠠᠲᠤ ᠲᠡᠮᠳᠡᠭᠲᠦ ᠶᠢᠨ ᠦᠢᠯᠡᠳᠦᠯ ᠢ ᠵᠠᠪᠳᠤᠨ ᠠᠳᠬᠤᠵᠤ᠂ ︽ᠪᠦᠬᠦ ᠤᠳᠤᠳ︾ ᠢᠶᠠᠷ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠬᠥᠲᠥᠯᠥᠨ ᠳᠠᠭᠠᠭᠤᠯᠪᠠ      ᠣᠶᠢᠷ᠎ᠠ ᠶᠢᠨ ᠵᠢᠯ ᠳᠤ᠂ ᠳ᠋ᠦᠩᠱᠧᠩ ᠲᠣᠭᠤᠷᠢᠭ ᠤᠨ ᠬᠢᠨ ᠨᠠᠷᠠᠲᠤ ᠲᠡᠮᠳᠡᠭᠲᠦ ᠶᠢ ᠤᠷᠢᠳᠠᠪᠠᠷ ᠬᠡᠷᠡᠭᠵᠢᠭᠦᠯᠬᠦ ᠶᠢ  ᠪᠠᠷᠢᠮᠳᠠᠯᠠᠨ᠂ ᠰᠢᠨ᠎ᠡ ᠶᠢ ᠡᠭᠦᠳᠬᠦ ᠪᠠᠷ ᠨᠠᠷᠠᠲᠤ ᠲᠡᠮᠳᠡᠭᠲᠦ ᠶᠢ ᠦᠩᠬᠡᠯᠡᠵᠤ᠂ ᠨᠠᠷᠠᠲᠤ ᠲᠡᠮᠳᠡᠭᠲᠦ ᠶᠢᠨ ᠰᠣᠶᠣᠯ ᠤᠨ ︽ᠬᠦᠨᠴᠡ︾ ᠶᠢ ᠨᠡᠮᠡᠭᠳᠡᠭᠦᠯᠦᠨ᠂ ᠠᠩᠬᠠᠨ ᠤ ᠳᠡᠯᠭᠡᠭᠦᠷ ᠲᠤ ᠣᠷᠣᠭᠤᠯᠤᠨ ᠪᠣᠶᠢᠵᠢᠭᠤᠯᠬᠤ᠂ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ᠂ ᠰᠦᠯᠵᠢᠶᠡᠨ ᠳᠡᠭᠡᠷ᠎ᠡ ᠡᠵᠡᠩᠨᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠮ ᠨᠢᠭᠡ ᠠᠯᠬᠤᠮ ᠣᠷᠣᠭᠤᠯᠤᠨ ᠠᠪᠴᠢᠷᠠᠵᠤ᠂ ︽ᠤᠯᠠᠮᠵᠢᠯᠠᠯᠳᠤ ᠨᠠᠷᠠᠲᠤ ᠲᠡᠮᠳᠡᠭᠲᠦ︾ ᠶᠢ ᠠᠭᠤᠳᠠᠯᠯᠠᠨ᠂ ᠰᠢᠨ᠎ᠡ ᠲᠠᠪᠴᠠᠩ ᠪᠠᠶᠢᠭᠤᠯᠵᠤ᠂ ᠨᠠᠷᠠᠲᠤ ᠲᠡᠮᠳᠡᠭᠲᠦ ᠶᠢᠨ ᠴᠢᠨᠠᠷ ᠴᠢᠨᠰᠠᠭ᠎ᠠ ᠶᠢᠨ ᠦᠢᠯᠡᠳᠦᠯ ᠢᠶᠠᠷ ᠦᠢᠯᠡᠳᠬᠦᠨ ᠤ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠬᠡᠭᠰᠢᠯᠡᠬᠦᠯᠪᠡ᠃ ᠨᠢᠭᠡ ᠳᠤ ᠠᠩᠬᠠᠨ ᠤ ᠳᠡᠯᠭᠡᠭᠦᠷ ᠤᠨ ᠪᠣᠶᠢᠵᠢᠭᠤᠯᠤᠯᠲᠠ ᠶᠢ ᠴᠢᠩᠭᠠᠳᠬᠠᠨ᠂ ᠳᠤᠮᠳᠠ ᠳᠡᠭᠡᠳᠦ ᠲᠡᠰ ᠤᠨ ᠬᠡᠷᠡᠭᠯᠡᠭᠡᠨ ᠤ ᠬᠦᠷᠢᠶᠡᠨ ᠤ ᠬᠠᠩᠭᠠᠯᠭ᠎ᠠ ᠶᠢ ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠷᠡᠭᠯᠡᠭᠡ ᠰᠢᠨ᠎ᠡ ᠬᠦᠷᠢᠶᠡᠨ ᠤ ᠰᠢᠯᠢᠳᠡᠭ ᠲᠦᠷᠦᠯ ᠵᠦᠢᠯ ᠢ ᠲᠥᠯᠥᠭᠡᠯᠡᠵᠦ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠬᠠᠮᠵᠢᠯᠴᠠᠨ ᠬᠦᠴᠦᠯᠡᠵᠦ᠂ ᠴᠢᠨᠠᠷ ᠰᠠᠶᠢᠲᠠᠢ ᠬᠡᠷᠡᠭᠯᠡᠭᠡᠨ ᠤ ᠬᠠᠩᠭᠠᠯᠭ᠎ᠠ ᠶᠢ ᠦᠷᠬᠡᠳᠬᠡᠪᠡ᠃ 2022 ᠣᠨ ᠠᠴᠠ ᠨᠠᠰᠢ᠂ ᠳ᠋ᠦᠩᠱᠧᠩ ᠲᠣᠭᠤᠷᠢᠭ ᠤᠨ ᠬᠢᠨ ᠺᠠᠢ ᠯᠧ ᠱᠢ᠂ ᡁᠢ ᠵᠢᠢ᠂ ᠳ᠋ᠦᠩ ᠢ ᠿᠢ ᠱᠧᠩ᠂ ᠯᠧ ᠭᠤᠤ᠂ ᠰᠢ ᠴᠠ ᠵᠡᠷᠭᠡ ᠥᠪᠥᠷ ᠮᠣᠩᠭᠤᠯ ᠤᠨ ᠠᠩᠬᠠᠳᠠᠭᠴᠢ ᠳᠡᠯᠭᠡᠭᠦᠷ᠂ ᠳᠤᠭᠴᠢ ᠳᠡᠯᠭᠡᠭᠦᠷ ᠢ 20 ᠭᠠᠷᠤᠢ ᠣᠷᠣᠭᠤᠯᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠮᠠᠰᠢᠨ ᠲᠡᠷᠭᠡ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ᠂ ᠵᠢᠵᠢᠭᠯᠡᠨ ᠬᠤᠳᠠᠯᠳᠤᠬᠤ ᠵᠡᠷᠭᠡ ᠤᠯᠠᠨ ᠬᠦᠷᠢᠶ᠎ᠡ ᠶᠢ ᠬᠠᠮᠤᠷᠪᠠ᠃ ᠬᠤᠶᠠᠷ ᠲᠤ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠩᠭᠠᠳᠬᠠᠪᠠ᠃ ︽ᠤᠯᠠᠮᠵᠢᠯᠠᠯᠳᠤ ᠨᠠᠷᠠᠲᠤ ᠲᠡᠮᠳᠡᠭᠲᠦ︾ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠦᠷᠭᠦᠯᠵᠢᠯᠡᠨ ᠬᠥᠭᠵᠢᠭᠡᠵᠦ᠂ ᠣᠷᠳᠣᠰ᠂ ᠳ᠋ᠦᠩᠱᠧᠩ ᠲᠣᠮᠣ ᠡᠮ ᠤᠨ ᠳᠡᠯᠭᠡᠭᠦᠷ ᠵᠡᠷᠭᠡ 4 ᠨᠤᠲᠤᠭ ᠤᠨ ︽ᠤᠯᠠᠮᠵᠢᠯᠠᠯᠳᠤ ᠨᠠᠷᠠᠲᠤ ᠲᠡᠮᠳᠡᠭᠲᠦ︾ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠳᠤᠮᠳᠠ ᠤᠯᠤᠰ ᠤᠨ ᠤᠷᠤᠰᠬᠠᠯ ᠤᠨ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠳ᠋ᠦᠩᠱᠧᠩ ᠤᠨ ᠨᠠᠷᠠᠲᠤ ᠲᠡᠮᠳᠡᠭᠲᠦ ᠶᠢᠨ ᠥᠯᠢᠭᠡᠷ ᠢ ᠰᠠᠶᠢᠲᠤᠷ ᠶᠠᠷᠢᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠪᠣᠶ  ᠪᠤᠯᠭᠠᠪᠠ᠃ ᠣᠶᠢᠷ᠎ᠠ ᠶᠢᠨ ᠵᠢᠯ ᠤᠳ ᠲᠤ᠂ ᠣᠷᠳᠣᠰ ᠠᠷᠢᠬᠢᠨ ᠤ ᠦᠢᠯᠡᠰ᠂ ᠳ᠋ᠦᠩᠱᠧᠩ ᠲᠣᠮᠣ ᠡᠮ ᠤᠨ ᠳᠡᠯᠭᠡᠭᠦᠷ᠂ ᠣᠷᠳᠣᠰ ᠪᠦᠯᠦᠭᠯᠡᠯ᠂ ᠯᠢᠦ ᠨᠠᠰᠤᠲᠠᠨ ᠤ ᠸᠠᠨ ᠲᠦᠸᠧ ᠤᠷᠢᠳ ᠬᠤᠵᠢᠳ ︽ᠥᠪᠥᠷ ᠮᠣᠩᠭᠤᠯ ᠤᠨ ᠤᠯᠠᠮᠵᠢᠯᠠᠯᠳᠤ ᠨᠠᠷᠠᠲᠤ ᠳᠡᠮᠳᠡᠭᠳᠤ︾ ᠪᠠᠷ ᠰᠣᠩᠭᠤᠭᠳᠠᠵᠤ᠂ ᠳ᠋ᠦᠩᠱᠧᠩ ᠲᠣᠮᠣ ᠡᠮ ᠤᠨ ᠳᠡᠯᠭᠡᠭᠦᠷ ᠨᠢ ᠪᠥᠬᠦ ᠤᠯᠤᠰ ᠤᠨ ︽ᠳᠤᠮᠳᠠᠳᠤ ᠶᠢᠨ ᠤᠯᠠᠮᠵᠢᠯᠠᠯᠳᠤ ᠨᠠᠷᠠᠲᠤ ᠳᠡᠮᠳᠡᠭᠳᠤ︾ ᠪᠠᠷ ᠦᠨᠡᠯᠡᠭᠳᠡᠪᠡ᠃ ᠭᠤᠷᠪᠠ ᠳᠤ ᠰᠦᠯᠵᠢᠶᠡᠨ ᠳᠡᠭᠡᠷᠡᠬᠢ ᠡᠵᠡᠩᠨᠡᠯᠲᠡ ᠶᠢ ᠴᠢᠩᠭᠠᠳᠬᠠᠪᠠ᠃ ︽ᠡᠮᠦᠨ᠎ᠡ ᠳᠡᠯᠭᠡᠭᠦᠷ ᠠᠷᠤ ᠬᠥᠮᠥᠷᠭᠡ ᠶᠢᠨ ᠬᠠᠮᠢᠶᠠᠷᠤᠯᠲᠠ + ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢᠨ ᠪᠡᠶᠡᠴᠢᠯᠡᠨ ᠣᠶᠢᠯᠠᠭᠠᠬᠤ ᠦᠢᠯᠡᠴᠢᠯᠡᠭᠡᠨ + ᠰᠦᠯᠵᠢᠶᠡᠨ ᠳᠡᠭᠡᠷᠡᠬᠢ ᠬᠢᠯᠢ ᠠᠯᠤᠰᠯᠠᠭᠰᠠᠨ ᠪᠣᠷᠤᠯᠠᠭᠤᠯᠭ᠎ᠠ ᠵᠢᠴᠢ ᠦᠢᠯᠡᠴᠢᠯᠡᠭᠡᠨ︾ ᠤ ᠵᠠᠭᠪᠤᠷ ᠶᠣᠰᠣᠭᠠᠷ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢᠶᠠᠷ ᠲᠦᠰᠢᠭ ᠪᠣᠯᠭᠠᠨ᠂ ᠬᠢᠯᠢ ᠠᠯᠤᠰᠯᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ 2023 ᠣᠨ ᠤ 10 ᠰᠠᠷ᠎ᠠ ᠳᠤ᠂ ᠳ᠋ᠦᠩᠱᠧᠩ ᠲᠣᠭᠤᠷᠢᠭ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠵᠢᠩᠬᠢᠨᠢ ᠪᠠᠷ ᠡᠬᠢᠯᠡᠨ ᠠᠵᠢᠯᠯᠠᠪᠠ᠃ ᠣᠲᠣ ᠪᠣᠯᠲᠠᠯ᠎ᠠ᠂ ᠨᠢᠭᠡᠨᠲᠡ 11 ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠷᠤᠵᠤ ᠢᠷᠡᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠷᠡᠭᠯᠡᠭᠡ ᠶᠢᠨ ᠲᠠᠰ ᠳᠡᠪᠰᠢᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ︽ᠭᠠᠶᠢᠯᠢ ᠪᠠᠲᠤᠯᠠᠬᠤ + ᠰᠢᠨ᠎ᠡ ᠪᠠᠷ ᠵᠢᠵᠢᠭᠯᠡᠨ ᠬᠤᠳᠠᠯᠳᠤᠬᠤ︾ ᠳᠥᠭᠦᠮ ᠳᠥᠲᠡ ᠦᠢᠯᠡᠴᠢᠯᠡᠭᠡ ᠪᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ