ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠥᠪᠯᠡᠬᠦ ᠵᠦᠢᠯᠡᠰ
ᠨᠡᠶᠢᠲᠡᠯᠡᠭᠰᠡᠨ ᠴᠠᠭ᠄
2024/3/5
     ︵2024 ᠣᠨ ᠤ 3 ᠳ᠋ᠤᠭᠠᠷ ᠰᠠᠷ᠎ᠠ ᠶᠢᠨ 4 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠪᠡᠯᠡᠳᠬᠡᠯ ᠬᠤᠷᠠᠯ ᠢᠶᠠᠷ ᠪᠠᠲᠤᠯᠠᠪᠠ︶     ᠨᠢᠭᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠨ᠎ᠡ     ᠬᠤᠶᠠᠷ᠂ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ᠂ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠨ᠎ᠠ     ᠭᠤᠷᠪᠠ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠮᠡᠳᠡᠭᠦᠯᠦᠯᠲᠡ᠂ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠨ᠎ᠠ     ᠳᠥᠷᠪᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠡᠨ ᠵᠥᠪᠯᠡᠭᠦᠯᠬᠦ ᠪᠠᠷ ᠳᠡᠪᠰᠢᠭᠦᠯᠦᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠣᠬᠠᠢ ᠰᠠᠨᠠᠯ ᠵᠥᠪᠯᠡᠯᠭᠡ ᠶᠢ ᠬᠢᠨᠠᠨ ᠵᠥᠪᠯᠡᠨ᠎ᠡ     ᠲᠠᠪᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠢ ᠬᠢᠨᠠᠨ ᠵᠥᠪᠯᠡᠨ᠎ᠡ     ᠵᠢᠷᠭᠤᠭ᠎ᠠ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠢ ᠬᠢᠨᠠᠨ ᠵᠥᠪᠯᠡᠨ᠎ᠡ     ᠳᠣᠯᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠢ ᠬᠢᠨᠠᠨ ᠵᠥᠪᠯᠡᠨ᠎ᠡ  
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠰᠦᠯᠵᠢᠶ᠎ᠠ