ᠳ᠋ᠦᠩᠱᠧᠩ ᠲᠣᠭᠤᠷᠢᠭ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠪᠠ ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/5
     3 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠵᠠᠳᠠᠯᠤᠯᠲᠠ ᠪᠠ ᠭᠤᠤᠯᠳᠠᠯᠭ᠎ᠠ ᠲᠠᠢ ᠲᠥᠷᠥᠯ ᠵᠦᠢᠯ ᠢ ᠳᠣᠭᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶ ᠶᠢᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠥᠷᠢ ᠰᠢᠷᠢ ᠶᠢ ᠢᠯᠭᠠᠷᠠᠭᠤᠯᠬᠤ᠂ ᠳᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠪᠦᠬᠦ ᠬᠦᠴᠦᠨ ᠢᠶᠠᠷ ᠬᠥᠭᠵᠢᠯᠲᠡ ᠶᠢ ᠠᠳᠬᠤᠬᠤ᠂ ᠬᠤᠳᠠᠯᠳᠤᠭᠠᠴᠢᠨ ᠤᠷᠢᠬᠤ ᠶᠢ ᠠᠳᠬᠤᠬᠤ᠂ ᠲᠦᠷᠦᠯ ᠵᠦᠢᠯ ᠢ ᠠᠳᠬᠤᠬᠤ᠂ ᠠᠵᠤ ᠦᠢᠯᠡᠳᠪᠦᠷᠢ ᠶᠢᠨ ᠠᠵᠤ ᠠᠬᠤᠢ ᠶᠢ ᠠᠳᠬᠤᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠪᠦᠬᠦ ᠲᠤᠭᠤᠷᠢᠭ ᠤᠨ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠢ ᠦᠨᠡᠨᠬᠦ ᠴᠢᠩᠭ᠎ᠠ ᠠᠳᠬᠤᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠦᠷᠭᠦᠯᠵᠢᠯᠡᠨ ᠲᠦᠷᠭᠡᠳᠬᠡᠵᠤ᠂ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠨ᠂ ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠨ ᠲᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ ᠢ ᠡᠷᠲᠡᠬᠡᠨ ᠪᠣᠶ ᠪᠤᠯᠭᠠᠨ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠪᠣᠯᠤᠨ ︽ᠭᠤᠷᠪᠠᠨ ᠲᠣᠭᠤᠷᠢᠭ ᠲᠦᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠦᠯᠦᠪᠯᠡᠨ ᠨᠠᠶᠢᠳᠠᠪᠤᠷᠢᠵᠢᠭᠤᠯᠬᠤ ᠶᠢ ᠠᠳᠬᠤᠵᠤ᠂ ᠤᠬᠠᠮᠰᠠᠷ ᠠᠴᠠ ᠪᠠᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠ ᠠᠵᠢᠯ ᠢᠶᠠᠨ ᠡᠬᠢᠯᠡᠭᠦᠯᠬᠦ ᠶᠢ ︽ᠲᠡᠷᠢᠭᠦᠨ ᠴᠢᠬᠤᠯᠠ ᠡᠭᠦᠷᠭᠡ︾ ᠪᠣᠯᠭᠠᠨ ᠴᠢᠩᠭ᠎ᠠ ᠪᠣᠳᠠᠲᠠᠢ ᠠᠳᠬᠤᠵᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠬᠤᠷᠳᠤᠴᠠ ᠶᠢ ᠳᠦᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠭᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠪᠣᠯᠣᠨ ᠦᠢᠯᠡᠴᠢᠯᠡᠭᠡᠨ ᠤ ᠵᠢᠱᠢᠯᠲᠡ ᠶᠢᠨ ᠴᠢᠨᠠᠷ ᠢ ᠬᠦᠴᠦᠯᠡᠨ ᠴᠢᠩᠭᠠᠳᠬᠠᠵᠤ᠂ ᠦᠢᠯᠡᠴᠢᠯᠡᠭᠡᠨ ᠤ ᠠᠵᠤ ᠠᠬᠤᠶᠢᠯᠠᠯ ᠢ ᠦᠨᠡᠨᠬᠦ ᠨᠠᠷᠢᠯᠢᠭ ᠪᠣᠳᠠᠲᠠᠢ ᠬᠢᠬᠦ ᠬᠡᠷᠡᠭᠲᠡᠢ︔ ᠲᠦᠷᠦᠯ ᠵᠦᠢᠯ ᠤᠨ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ︽ᠰᠢᠢᠳᠪᠦᠷᠢᠯᠡᠬᠦ ᠰᠡᠳᠬᠢᠬᠦᠢ︾ ᠶᠢ ᠪᠤᠢ ᠪᠤᠯᠭᠠᠵᠤ᠂ ᠨᠢᠭᠡᠳᠦᠯᠲᠡᠢ ᠲᠦᠯᠦᠪᠯᠡᠨ ᠲᠣᠬᠢᠷᠠᠭᠤᠯᠬᠤ ᠶᠢ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠲᠡᠮᠡᠴᠡᠨ ᠣᠯᠬᠤ ᠴᠢᠳᠠᠪᠤᠷᠢ᠂ ᠭᠦᠢᠴᠡᠳᠬᠡᠬᠦ ᠴᠢᠳᠠᠪᠤᠷᠢ᠂ ᠦᠢᠯᠡᠴᠢᠯᠡᠬᠦ ᠴᠢᠳᠠᠪᠤᠷᠢ ᠶᠢ ᠲᠠᠰᠤᠷᠠᠯᠳᠡ ᠦᠭᠡᠢ ᠳᠡᠭᠡᠭᠰᠢᠯᠡᠬᠦᠯᠦᠨ᠂ ᠲᠦᠷᠦᠯ ᠵᠦᠢᠯ ᠤᠨ ᠤᠷᠤᠭᠰᠢᠲᠠᠢ ᠪᠦᠲᠦᠭᠡᠨ ᠪᠠᠶᠢᠭᠤᠯᠬᠤ ᠪᠠ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠪᠦᠲᠦᠮᠵᠢᠲᠡᠢ ᠥᠷᠨᠢᠭᠦᠯᠵᠦ᠂ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠢ ᠨᠦᠬᠡᠴᠡᠯᠡᠬᠦ ᠶᠢ ᠢᠳᠡᠪᠬᠢᠲᠡᠢ ᠲᠦᠯᠦᠪᠯᠡᠨ᠂ ᠢᠳᠡᠪᠬᠢᠲᠡᠢ ᠪᠠᠷ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ᠂ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠰᠢᠨ᠎ᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ︔ ᠡᠳ᠋ ᠤᠨ ᠵᠠᠰᠠᠭ ᠤᠨ ᠠᠵᠢᠯᠯᠠᠭᠠᠨ ᠢ ᠰᠠᠶᠢᠲᠤᠷ ᠠᠳᠬᠤᠵᠤ᠂ ᠵᠠᠷᠤᠯᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠳᠤᠬᠢᠷᠠᠭᠤᠯᠤᠨ᠂ ᠥᠷᠢ ᠥᠭᠴᠡᠭᠡ ᠶᠢ ᠢᠯᠭᠠᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠡᠯ᠎ᠡ ᠲᠠᠯ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠠᠬᠢᠴᠠ ᠶᠢ ᠠᠳᠬᠤᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠯᠤᠭ᠎ᠠ ᠨᠢᠭᠡ ᠴᠤᠭᠴᠠᠵᠢᠨ ᠬᠠᠮᠵᠢᠯᠴᠠᠨ ᠠᠬᠢᠭᠤᠯᠬᠤ᠂ ᠠᠭᠤᠰᠤᠯᠴᠠᠨ ᠬᠦᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠨᠢᠭᠡ ᠴᠤᠭᠴᠠᠵᠢᠨ ᠠᠬᠢᠭᠤᠯᠬᠤ᠂ ᠬᠠᠮᠵᠢᠯᠴᠠᠨ ᠪᠠᠶᠢᠯᠳᠤᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠬᠠᠷᠢᠭᠤᠴᠠᠯᠭ᠎ᠠ ᠶᠢ ᠴᠢᠩᠭᠠᠳᠬᠠᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠠ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ︾ ᠶᠢᠨ ᠠᠵᠢᠯ ᠤᠨ ᠲᠤᠬᠠᠢ ᠴᠢᠬᠤᠯᠠᠴᠢᠯᠠᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠠᠭ ᠢᠮᠠᠭᠲᠠ ᠰᠡᠳᠬᠢᠯ ᠳᠡᠭᠡᠨ ᠠᠪᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠬᠤ ᠪᠠ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠭᠦᠨᠵᠡᠭᠡᠢ ᠠᠬᠢᠭᠤᠯᠵᠤ᠂ ᠬᠠᠷᠢᠭᠤᠴᠠᠯᠭᠠᠳᠤ ᠰᠡᠳᠬᠢᠯᠬᠡ ᠪᠠᠷ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠡᠬᠢ ᠢᠷᠡᠯᠳᠡ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃    ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ  ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ