ᠳ᠋ᠦᠩᠱᠧᠩ ᠲᠣᠭᠤᠷᠢᠭ ᠤᠨ ︽ᠯᠧᠢ ᠹᠧᠩ ᠠᠴᠠ ᠰᠤᠷᠤᠯᠴᠠᠬᠤ︾ ᠭᠤᠣᠯ ᠰᠡᠳᠦᠪᠲᠦ ᠠᠵᠢᠯᠯᠠᠭ᠎ᠠ ᠨᠡᠬᠡᠮᠡᠯ ᠤᠨ ᠵᠡᠭᠡᠯᠢ ᠭᠤᠳᠤᠮᠵᠢ ᠶᠢᠨ ᠱᠦ ᠭᠤᠸᠠᠩ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/3/6
    3 ᠰᠠᠷ᠎ᠠ ᠶᠢᠨ 5 ᠤ ᠡᠳᠦᠷ᠂ ᠳ᠋ᠦᠩᠱᠧᠩ ᠲᠣᠭᠤᠷᠢᠭ ᠤᠨ ︽ᠯᠧᠢ ᠹᠧᠩ ᠠᠴᠠ ᠰᠤᠷᠤᠯᠴᠠᠬᠤ︾ ᠭᠤᠣᠯ ᠰᠡᠳᠦᠪᠲᠦ ᠠᠵᠢᠯᠯᠠᠭ᠎ᠠ ᠨᠡᠬᠡᠮᠡᠯ ᠤᠨ ᠵᠡᠭᠡᠯᠢ ᠭᠤᠳᠤᠮᠵᠢ ᠶᠢᠨ ᠱᠦ ᠭᠤᠸᠠᠩ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠳᠤ ᠶᠠᠪᠤᠭᠳᠠᠵᠤ᠂ ᠳ᠋ᠦᠩᠱᠧᠩ ᠲᠣᠭᠤᠷᠢᠭ ᠤᠨ ᠰᠢᠯᠢᠳᠡᠭ ᠰᠠᠶᠢᠨ ᠲᠤᠷᠠᠴᠤᠳ ᠠᠴᠠ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠮᠳᠠᠬᠢ ᠰᠡᠳᠬᠢᠯ ᠬᠥᠳᠡᠯᠭᠡᠮ᠎ᠡ ᠦᠯᠢᠭᠡᠷ ᠢ ᠬᠤᠪᠢᠶᠠᠯᠴᠠᠵᠤ᠂ ᠲᠤᠬᠠᠢ ᠶᠢᠨ ᠲᠠᠯᠠᠪᠠᠢ ᠳᠤ ᠪᠠᠰᠠ ᠪᠣᠯᠪᠠᠰᠤᠨ ᠦᠢᠯᠡᠴᠢᠯᠡᠭᠡᠨ ᠤ ᠴᠤᠭᠯᠠᠭ᠎ᠠ ᠮᠠᠶᠢᠮᠠᠢ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ᠂ ᠠᠯᠪᠡᠨ ᠵᠢᠷᠤᠮ ᠤᠨ ᠡᠮᠴᠢᠯᠡᠭᠡ᠂ ᠠᠯᠪᠡᠨ ᠵᠢᠷᠤᠮ ᠤᠨ ᠦᠰᠦ ᠵᠠᠰᠠᠯᠳᠠ᠂ ᠭᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠡᠯ᠎ᠡ ᠲᠦᠷᠦᠯ ᠤᠨ ᠦᠢᠯᠡᠴᠢᠯᠡᠭᠡ ᠶᠢ ᠥᠷᠨᠢᠭᠦᠯᠦᠭᠰᠡᠨ ᠪᠥᠭᠡᠳ ᠥᠷᠭᠡᠨ ᠤᠯᠠᠨ ᠬᠤᠳᠠ ᠶᠢᠨ ᠠᠷᠠᠳ ᠢ ᠤᠷᠢᠵᠤ ︽ᠵᠠᠭᠤᠨ ᠮᠧᠲᠷ ᠤᠨ ᠤᠷᠳᠤ ᠡᠪᠬᠡᠮᠡᠯ ᠳᠡᠭᠡᠷ᠎ᠡ ᠯᠧᠢ ᠹᠧᠩ ᠢ ᠵᠢᠷᠤᠬᠤ︾ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠳᠤ ᠣᠷᠣᠯᠴᠠᠭᠤᠯᠵᠤ᠂ ᠳ᠋ᠦᠩᠱᠧᠩ ᠲᠣᠭᠤᠷᠢᠭ ᠤᠨ ᠤᠯᠠᠭᠠᠨᠮᠥ᠋ᠴᠢᠷ ᠤᠨ ᠬᠢᠨ ᠪᠠᠰᠠ ᠭᠤᠶᠢᠳᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠶᠢ ᠠᠪᠴᠢᠷᠠᠭᠰᠠᠨ ᠪᠠᠶᠢᠨ᠎ᠠ᠃ 
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ