​ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/7
     3 ᠰᠠᠷ᠎ᠠ ᠶᠢᠨ 5 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠤᠰᠬᠠᠢ ᠰᠡᠳᠦᠪᠳᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠠ ᠱᠠᠳᠤᠨ ᠤ ᠬᠢᠨᠠᠨ ᠪᠤᠳᠤᠯᠳᠠ᠂ ᠪᠠᠶᠢᠴᠠᠭᠠᠯᠳᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠠᠶᠢᠴᠠᠭᠠᠨ ᠰᠤᠳᠤᠯᠪᠠ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠢᠨᠠᠨ ᠪᠤᠳᠤᠯᠳᠠ᠂ ᠪᠠᠶᠢᠴᠠᠭᠠᠬᠤ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠬᠦᠷᠭᠡᠯᠡᠨ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠥᠨᠳᠥᠷ ᠪᠠᠷᠢᠮᠵᠢᠶ᠎ᠠ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠤᠳᠠᠰᠤ︾ ᠢ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠨ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠬᠦᠯᠦᠨ ᠴᠡᠭᠴᠡᠯᠡᠨ ᠰᠠᠶᠢᠵᠢᠷᠠᠭᠤᠯᠤᠯᠳᠠ ᠶᠢ ᠠᠳᠬᠤᠬᠤ ᠶᠢ ᠪᠠᠷᠢᠮᠳᠠᠯᠠᠵᠤ᠂ ᠵᠦᠢᠯ ᠳᠠᠷᠠᠭᠠᠯᠠᠨ ᠡᠮᠬᠢᠯᠡᠨ ᠵᠠᠳᠠᠯᠤᠨ ᠰᠤᠳᠤᠯᠵᠤ᠂ ᠴᠢᠭᠯᠡᠭᠦᠯᠬᠦ ᠴᠢᠨᠠᠷᠲᠠᠢ ᠪᠠᠷ ᠳᠦᠷᠦᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠤᠭᠳᠠᠭᠠᠨ᠂ ᠨᠠᠷᠢᠨ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠴᠠᠭ ᠤᠨ ᠬᠢᠵᠠᠭᠠᠷᠯᠠᠯ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠪᠦᠭᠡᠳ ᠪᠦᠲᠦᠮᠵᠢᠲᠡᠶ ᠠᠬᠢᠭᠤᠯᠬᠤ ᠬᠡᠷᠡᠭᠲᠡᠶ᠃ ᠢᠳᠡᠪᠬᠢᠲᠡᠢ ᠪᠠᠷ ᠵᠣᠬᠢᠴᠠᠭᠤᠯᠤᠨ ᠵᠣᠯᠭᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠳᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠣᠨᠣᠪᠴᠢᠲᠠᠢ ᠤᠢᠢᠯᠠᠭᠠᠨ ᠡᠵᠡᠮᠰᠢᠵᠤ᠂ ᠴᠢᠭ ᠪᠠ ᠨᠡᠶᠢᠳᠡᠮ ᠢ ᠤᠶᠠᠯᠳᠤᠭᠤᠯᠬᠤ ᠶᠢ ᠪᠠᠷᠢᠮᠳᠠᠯᠠᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠂ ᠡᠯ᠎ᠡ ᠲᠦᠷᠦᠯ ᠤᠨ ᠠᠰᠠᠭᠤᠳᠠᠯ ᠢ ᠡᠷᠲᠡ ᠴᠡᠭᠴᠡᠯᠡᠨ ᠰᠠᠶᠢᠵᠢᠷᠠᠭᠤᠯᠵᠤ᠂ ᠡᠷᠲᠡ ᠳᠠᠩᠰᠠᠨ ᠠᠴᠠ ᠬᠠᠰᠤᠬᠤ ᠶᠢ ᠪᠠᠲᠤᠯᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ︽ᠬᠠᠮ ᠠᠷᠭ᠎ᠠ︾ ᠶᠢ ᠰᠠᠶᠢᠲᠤᠷ ᠬᠡᠷᠡᠭᠵᠢᠬᠦᠯᠦᠨ᠂ ᠦᠷ᠎ᠡ ᠪᠦᠲᠦᠮᠵᠢ ᠶᠢ ᠦᠷᠬᠦᠯᠵᠢᠯᠡᠨ ᠮᠦᠷᠳᠡᠨ ᠠᠰᠠᠭᠤᠵᠤ᠂ ︽ᠡᠷᠬᠢᠨ ᠬᠠᠷᠠᠬᠤ︾ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠬᠦᠯᠦᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠵᠢᠭᠠᠵᠤ ᠭᠠᠷᠭᠠᠭᠰᠠᠨ ᠠᠰᠠᠭᠤᠳᠠᠯ ᠢ ᠦᠨᠡᠨᠬᠦ ᠪᠣᠳᠠᠲᠠᠢ ᠰᠢᠢᠳᠪᠤᠷᠢᠯᠡᠬᠦ ᠶᠢ ᠪᠠᠲᠤᠯᠠᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠳᠠᠷᠤᠢ ᠳᠤ ᠨᠢ ᠰᠢᠢᠳᠪᠤᠷᠢᠯᠡᠬᠦ︾ ᠪᠠ ︽ᠤᠷᠳᠤ ᠬᠤᠭᠤᠴᠠᠭ᠎ᠠ ᠪᠠᠷ ᠪᠠᠳᠤᠯᠠᠬᠤ︾ ᠶᠢ ᠤᠶᠠᠯᠳᠤᠭᠤᠯᠤᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠩᠭᠡᠨ ᠲᠠᠯ᠎ᠠ ᠪᠠ ᠤᠭ ᠦᠨᠳᠦᠰᠦ ᠶᠢ ᠨᠢ ᠬᠠᠮᠳᠤ ᠳᠤᠨᠢ ᠵᠠᠰᠠᠵᠤ᠂ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠱᠢ ᠰᠢᠤᠸᠠᠢ ᠰᠦᠩ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ