ᠬᠦᠶᠦᠬᠦ ᠳᠤ ᠶᠠᠭᠤ ᠶᠢ ᠠᠩᠬᠠᠷᠬᠤ ᠪᠤᠢ︖
ᠨᠡᠶᠢᠲᠡᠯᠡᠭᠰᠡᠨ ᠴᠠᠭ᠄
2024/3/7
      ᠪᠦᠬᠦ ᠳᠡᠯᠡᠬᠡᠢ ᠳᠤ ᠲᠦᠬᠡᠮᠡᠯᠵᠢᠭᠰᠡᠨ ᠪᠡᠶ᠎ᠡ ᠶᠢᠨ ᠳᠠᠮᠢᠷ ᠤᠨ ᠬᠦᠳᠡᠯᠬᠡᠬᠡᠨ ᠤ ᠨᠢᠬᠡ ᠪᠤᠯᠤᠭᠰᠠᠨ ᠬᠦᠶᠦᠬᠦ  ᠨᠢ ᠲᠦᠬᠦᠮ ᠲᠦᠳᠡ ᠴᠢᠨᠠᠷ ᠪᠠ ᠡᠷᠡᠬᠦᠯ ᠮᠡᠨᠳᠤ ᠳᠤ ᠳᠤᠰᠠᠯᠠᠬᠤ ᠴᠢᠨᠠᠷ ᠢᠶᠠᠷ ᠢᠶᠠᠨ ᠬᠦᠮᠦᠰ ᠤᠨ ᠬᠦᠷᠢᠶᠡᠯᠡᠯ ᠢ ᠶᠡᠭᠡ ᠪᠠᠷ ᠤᠯᠵᠤ ᠴᠢᠳᠠᠵᠠᠢ᠃ ᠳᠡᠬᠡᠪᠡᠯ ᠦᠷᠯᠦᠬᠡ ᠬᠦᠶᠦᠬᠦ ᠪᠤᠶᠤ ᠦᠳᠡᠰᠢ ᠬᠦᠶᠦᠬᠦ ᠨᠢ ᠴᠤᠬᠤᠮ ᠶᠠᠮᠠᠷ ᠢᠯᠭᠠᠭ᠎ᠠ ᠲᠠᠢ ᠪᠠᠶᠢᠳᠠᠭ ᠪᠤᠯ︖       ᠦᠷᠯᠦᠬᠡ ᠬᠦᠶᠦᠬᠦ᠄ ᠨᠢᠬᠡ ᠡᠳᠤᠷ ᠤᠨ ᠭᠤᠶᠤ ᠡᠬᠢᠯᠡᠯᠳᠡ       ᠳᠠᠪᠠᠭᠤᠯᠢᠭ ᠳᠠᠯ᠎ᠠ᠄       ᠦᠷᠯᠦᠬᠡ ᠬᠦᠶᠦᠬᠦ ᠶᠢᠨ ᠬᠠᠮᠤᠭ ᠤᠨ ᠶᠡᠭᠡ ᠳᠠᠪᠠᠭᠤᠯᠢᠭ ᠨᠢ ᠮᠠᠬᠠᠪᠤᠳ ᠢ ᠨᠤᠶᠢᠷᠮᠤᠭ ᠪᠠᠶᠢᠳᠠᠯ ᠠᠴᠠ ᠰᠡᠷᠡᠬᠡᠵᠤ᠂ ᠨᠢᠬᠡ ᠡᠳᠤᠷ ᠤᠨ ᠠᠵᠢᠯ ᠠᠮᠢᠳᠤᠷᠠᠯ ᠳᠤ ᠠᠮᠢᠵᠢᠷᠠᠯ ᠤᠨ ᠬᠦᠴᠦᠨ ᠤᠯᠭᠤᠳᠠᠭ᠃ ᠮᠦᠨ ᠴᠤ ᠬᠦᠮᠦᠨ  ᠤ ᠪᠡᠶ᠎ᠡ ᠶᠢᠨ ᠰᠢᠨ᠎ᠡ ᠬᠠᠭᠤᠴᠢᠨ ᠤ ᠰᠤᠯᠢᠯᠴᠠᠭ᠎ᠠ ᠶᠢ ᠠᠬᠢᠭᠤᠯᠳᠠᠭ᠃       ᠨᠢᠬᠡ ᠰᠦᠨᠢ ᠶᠢᠨ ᠤᠨᠳᠠᠯᠭ᠎ᠠ ᠪᠠᠷ ᠳᠠᠮᠵᠢᠨ ᠬᠦᠮᠦᠨ ᠤ ᠪᠡᠶ᠎ᠡ ᠮᠠᠬᠠᠪᠤᠳ ᠨᠡᠯᠢᠶᠡᠳ ᠬᠡᠮᠵᠢᠶᠡᠨ ᠤ ᠰᠢᠬᠢᠷ ᠭᠠᠳᠠᠭᠰᠢᠯᠠᠭᠤᠯᠳᠠᠭ ᠠᠴᠠ ᠡᠨᠡ ᠦᠶ᠎ᠡ ᠳᠤ ᠬᠦᠳᠡᠯᠬᠡᠬᠡᠨ ᠬᠢᠪᠡᠯ ᠮᠠᠷᠢᠶ᠎ᠠ ᠰᠢᠭᠤᠷᠠᠭᠤᠯᠬᠤ ᠳᠤ ᠠᠰᠢᠭᠳᠠᠢ ᠪᠠᠶᠢᠳᠠᠭ᠃       ᠮᠦᠨ ᠴᠤ ᠦᠷᠯᠦᠬᠡ ᠡᠷᠳᠡ ᠶᠢᠨ ᠠᠭᠤᠷ ᠠᠮᠢᠰᠬᠤᠯ ᠰᠢᠨ᠎ᠡ ᠰᠤᠷᠭᠤᠭ᠂ ᠤᠷᠴᠢᠨ ᠳᠤᠭᠤᠷᠢᠨ ᠨᠠᠮ ᠰᠡᠯᠡᠬᠦᠦ ᠪᠠᠶᠢᠳᠠᠭ ᠠᠴᠠ ᠰᠠᠨᠠᠭ᠎ᠠ ᠰᠡᠳᠬᠢᠯ ᠮᠠᠰᠢ ᠠᠭᠤᠵᠢᠭᠤ ᠳᠠᠯᠪᠢᠭᠤ ᠰᠠᠨᠠᠭᠳᠠᠳᠠᠭ᠃ ᠠᠩᠬᠠᠷᠬᠤ ᠨᠢ᠄      1. ᠦᠷᠯᠦᠬᠡ ᠬᠦᠶᠦᠬᠦ ᠠᠴᠠ ᠡᠮᠦᠨ᠎ᠡ ᠪᠡᠶ᠎ᠡ ᠪᠠᠨ ᠰᠠᠶᠢᠳᠤᠷ ᠬᠠᠯᠠᠰᠠᠭᠠᠬᠤ ᠬᠡᠷᠡᠭᠳᠡᠢ᠃      2. ᠵᠤᠬᠢᠬᠤ ᠬᠡᠮᠵᠢᠶᠡᠨ ᠤ ᠤᠰᠤ ᠡᠨᠧᠷᠬᠢ ᠨᠦᠬᠦᠪᠤᠷᠢᠯᠡᠬᠦ ᠬᠡᠷᠡᠭᠳᠡᠢ᠃       ᠦᠳᠡᠰᠢ ᠬᠦᠶᠦᠬᠦ᠄ ᠪᠡᠶ᠎ᠡ ᠮᠠᠬᠠᠪᠤᠳ ᠲᠤ ᠨᠡᠩ ᠳᠠᠭᠠᠯᠠᠮᠵᠢᠳᠡᠢ ᠮᠡᠳᠡᠷᠡᠮᠵᠢ ᠬᠦᠷᠳᠡᠬᠡᠨ᠎ᠡ       ᠳᠠᠪᠠᠭᠤᠯᠢᠭ ᠳᠠᠯ᠎ᠠ᠄       ᠨᠢᠬᠡ ᠡᠳᠤᠷ ᠤᠨ ᠶᠠᠭᠠᠷᠠᠯᠳᠠᠢ ᠪᠠᠶᠢᠳᠠᠯ ᠠᠴᠠ ᠪᠡᠶ᠎ᠡ ᠮᠠᠬᠠᠪᠤᠳ ᠢᠶᠠᠨ ᠰᠤᠯᠠᠳᠬᠠᠬᠤ᠂ ᠰᠡᠳᠬᠢᠯ ᠰᠠᠨᠠᠭ᠎ᠠ  ᠪᠠᠨ ᠳᠠᠶᠢᠪᠤᠰᠢᠷᠠᠭᠤᠯᠬᠤ ᠳᠤ ᠠᠰᠢᠭᠳᠠᠢ ᠪᠠᠶᠢᠳᠠᠭ᠃       ᠦᠶ᠎ᠡ ᠬᠡᠰᠢᠬᠦᠦ ᠪᠤᠯᠤᠨ ᠪᠤᠯᠴᠢᠩ ᠤᠨ ᠪᠠᠶᠢᠳᠠᠯ ᠰᠠᠶᠢᠨ ᠪᠠᠶᠢᠳᠠᠭ ᠠᠴᠠ ᠬᠦᠳᠡᠯᠬᠡᠬᠡᠨ ᠤ ᠬᠦᠴᠦᠯᠡᠴᠡ ᠶᠢ ᠵᠤᠬᠢᠬᠤ ᠬᠡᠮᠵᠢᠶᠡᠨ ᠳᠤ ᠨᠡᠮᠡᠵᠤ ᠪᠤᠯᠤᠨ᠎ᠠ᠃       ᠠᠩᠬᠠᠷᠬᠤ ᠨᠢ᠄      1. ᠬᠦᠶᠦᠬᠦ ᠤᠷᠴᠢᠨ ᠤ ᠬᠡᠷᠡᠯᠳᠦᠬᠦᠯᠬᠡ ᠶᠢᠨ ᠪᠠᠶᠢᠳᠠᠯ᠂ ᠠᠮᠤᠷ ᠲᠦᠪᠰᠢᠨ ᠤ ᠪᠠᠶᠢᠳᠠᠯ ᠢ ᠬᠦᠢᠴᠡᠳ ᠠᠩᠬᠠᠷᠬᠤ ᠬᠡᠷᠡᠭᠳᠡᠢ᠃      2. ᠦᠳᠡᠰᠢ ᠬᠦᠶᠦᠬᠦ ᠳᠤ ᠪᠠᠨ ᠴᠤ ᠰᠤᠩᠭᠠᠯᠳᠠ ᠶᠢᠨ ᠳᠠᠮᠢᠷ ᠬᠢᠵᠤ᠂ ᠪᠡᠶ᠎ᠡ ᠪᠠᠨ ᠬᠠᠯᠠᠰᠠᠭᠠᠬᠤ ᠬᠡᠷᠡᠭᠳᠡᠢ᠃
ᠢᠷᠡᠯᠲᠡ᠄ NMTV ᠰᠤᠶᠤᠯ