ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ
ᠨᠡᠶᠢᠲᠡᠯᠡᠭᠰᠡᠨ ᠴᠠᠭ᠄
2024/3/7
   ᠨᠢᠭᠡ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ    ︵ᠨᠢᠭᠡ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠡᠷᠬᠡ ᠶᠤᠰᠤᠭᠠᠷ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠲᠣᠭᠤᠷᠢᠭ ᠤᠨ ᠲᠤᠰ ᠱᠠᠲᠤᠨ ᠤ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠦᠭᠡᠢ︶ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠴᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃    ︵ᠬᠤᠶᠠᠷ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ  ᠪᠠᠳᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠦᠢᠴᠡᠳᠬᠡᠯ ᠲᠣᠭᠠᠨ ᠤ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠯᠭᠠᠨ ᠬᠢᠨᠠᠬᠤ ᠪᠠᠷᠢᠮᠵᠢᠶ᠎ᠠ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠨ᠂ ᠪᠦᠷᠢᠳᠬᠡᠬᠦ᠂ ᠲᠤᠯᠭᠠᠨ ᠪᠣᠳᠣᠬᠤ ᠪᠠᠷ ᠳᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠵᠦ ᠪᠠᠶᠢᠭ᠎ᠠ ᠪᠠᠶᠢᠳᠠᠯ ᠳᠤ ᠬᠢᠨᠠᠨ ᠬᠠᠮᠢᠶᠠᠷᠤᠯᠲᠠ ᠬᠢᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ︵ᠭᠤᠷᠪᠠ︶ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ  ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠮᠢᠯᠠᠬᠤ ᠪᠠ ᠪᠠᠭᠤᠯᠭᠠᠬᠤ᠂ ᠰᠢᠯᠭᠠᠨ ᠬᠢᠨᠠᠬᠤ ᠠᠵᠢᠯ ᠢ ᠶᠠᠪᠤᠭᠳᠠᠭᠤᠯᠵᠤ᠂ ᠬᠥᠮᠦᠨ ᠰᠣᠩᠭᠤᠬᠤ ᠬᠥᠮᠦᠨ ᠬᠡᠷᠡᠭᠯᠡᠬᠦ ᠲᠣᠭᠲᠠᠴᠠ ᠶᠢ ᠪᠦᠷᠢᠨᠰᠢᠭᠦᠯᠦᠨ᠂ ᠡᠵᠡᠩᠨᠡᠭᠴᠢ ᠶᠢᠨ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠦᠨ᠎ᠡ᠃    ︵ᠲᠦᠷᠪᠡ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠳᠡᠭᠡᠭᠰᠢ ᠲᠤᠰᠢᠶᠠᠭᠰᠠᠨ ᠠᠰᠢᠭ ᠣᠯᠵᠠᠪᠤᠷᠢ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠪᠣᠯᠤᠨ ᠠᠷᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃    ︵ᠲᠠᠪᠤ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠡᠵᠡᠮᠳᠡᠬᠦ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠬᠤ ᠰᠢᠢᠳᠪᠦᠷᠢᠯᠡᠬᠦ ᠵᠡᠷᠭᠡ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠤᠨ᠎ᠠ᠃    ︵ᠵᠢᠷᠭᠤᠭ᠎ᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠦᠬᠡᠷᠡᠴᠢᠯᠡᠬᠦ ᠪᠠ ᠳᠠᠬᠢᠨ ᠴᠤᠭᠴᠠᠯᠠᠬᠤ ᠶᠢ ᠵᠢᠯᠣᠭᠤᠳᠤᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ᠃   ︵ᠳᠤᠯᠤᠭ᠎ᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠳᠦᠰᠦᠨ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠲᠣᠭᠲᠠᠭᠠᠯ᠂ ᠲᠥᠰᠦᠯ ᠢ ᠲᠤᠭᠤᠷᠪᠢᠵᠤ᠂ ᠬᠤᠯᠪᠣᠭᠳᠠᠯ ᠪᠦᠬᠦᠢ ᠲᠦᠷᠢᠮ ᠢ ᠲᠤᠭᠤᠷᠪᠢᠨ ᠲᠣᠭᠲᠠᠭᠠᠨ᠎ᠠ᠃    ︵ᠨᠠᠢᠮᠠ︶ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠣᠰᠣᠭᠠᠷ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠰᠢᠮᠳᠠᠭᠤᠯᠤᠨ ᠪᠠᠶᠢᠴᠠᠭᠠᠵᠤ ᠠᠶᠤᠯᠬᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠤᠬᠠᠶ ᠤᠯᠤᠰ ᠤᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠡᠷᠭᠡ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃    ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ︵ᠠᠷᠪᠠ︶ ᠬᠤᠯᠪᠣᠭᠳᠠᠯ ᠪᠦᠬᠦᠢ  ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ᠃    ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠯᠤᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠬᠠᠮᠢᠶ᠎ᠠ ᠪᠦᠬᠦᠢ ᠠᠵᠢᠯ ᠵᠢᠴᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠮᠡᠳᠡᠭᠦᠯᠬᠦ ᠪᠠ ᠪᠣᠳᠠᠲᠠᠶ ᠬᠡᠷᠡᠭᠵᠢᠭᠦᠯᠬᠦ ᠲᠠᠯ᠎ᠠ ᠪᠠᠷ ᠬᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠢ ᠡᠬᠦᠷᠬᠡᠯᠠᠨ᠎ᠠ᠃    ᠳ᠋ᠦᠩᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠳᠠᠬᠢ ᠡᠳ᠋ ᠤᠨ ᠵᠠᠰᠠᠭ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠢ ᠬᠠᠷᠢᠭᠤᠴᠠᠨ ᠲᠣᠭᠲᠠᠭᠠᠵᠤ᠂ ᠳ᠋ᠦᠩᠱᠧᠩ ᠲᠣᠭᠤᠷᠢᠭ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠤᠷᠢᠭ ᠤᠨ ᠲᠣᠰ ᠱᠠᠲᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ ᠨᠠᠶᠢᠷᠠᠭᠤᠯᠤᠨ ᠮᠡᠳᠡᠭᠦᠯᠬᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠢᠨᠠᠨ ᠲᠤᠰᠢᠶᠠᠬᠤ ᠶᠢ ᠬᠠᠷᠢᠭᠤᠴᠠᠨ᠎ᠠ᠃    ᠳ᠋ᠦᠩᠱᠧᠩ ᠲᠣᠭᠤᠷᠢᠭ ᠤᠨ ᠤᠯᠤᠰ ᠤᠨ ᠦᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠠᠴᠠ ᠠᠵᠤ  ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠠᠵᠤ  ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠳᠡᠭᠡᠭᠰᠢ ᠲᠤᠰᠢᠶᠠᠭᠰᠠᠨ ᠠᠰᠢᠭ ᠣᠯᠵᠠᠪᠤᠷᠢ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠲᠤᠭᠤᠷᠢᠭ ᠤᠨ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠪᠣᠯᠤᠨ ᠠᠷᠭ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃ ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ    ︵ᠨᠢᠭᠡ︶ ᠠᠯᠪᠠᠨ ᠭᠡᠷ    ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ   ᠬᠦᠢᠴᠡᠳᠬᠡᠯᠬᠡᠬᠦ ᠵᠡᠷᠭᠡ ᠠᠵᠢᠯ ᠢ ᠡᠭᠦᠷᠭᠡᠯᠡᠨ᠎ᠡ᠃ ᠴᠢᠬᠤᠯᠠ ᠪᠢᠴᠢᠭ ᠮᠠᠲ᠋ᠧᠷᠢᠶᠠᠯ ᠪᠣᠯᠤᠨ ᠮᠡᠳᠡᠭᠦᠯᠦᠯᠲᠡ ᠲᠤᠭᠤᠷᠪᠢᠬᠤ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠣᠯᠤᠨ ᠠᠵᠢᠯ ᠠᠴᠠ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠬᠡᠴᠡ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠦᠵᠡᠯ ᠤᠬᠠᠮᠰᠠᠷ ᠤᠨ ᠬᠡᠯᠪᠡᠷᠢ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ ᠠᠵᠢᠯ ᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠬᠠᠷᠢᠯᠴᠠᠵᠤ ᠵᠢᠯᠣᠭᠤᠳᠤᠨ᠎ᠠ᠃ ᠲᠤᠭᠳᠠᠭᠰᠡᠨ ᠴᠢᠭ ᠤᠨ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠨ᠎ᠠ᠃    ︵ᠬᠤᠶᠠᠷ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠠᠰᠤᠭ    ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠬᠥᠮᠦᠰ ᠢ ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠬᠦ ᠶᠢᠨ ᠬᠠᠮᠲᠤ ᠲᠣᠮᠢᠯᠠᠵᠤ ᠪᠠᠭᠤᠯᠭᠠᠬᠤ ᠰᠠᠨᠠᠭᠤᠯᠭ᠎ᠠ ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠪᠠ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠳᠠᠭᠠᠳᠤ ᠶᠠᠪᠤᠳᠠᠯ ᠤᠨ ᠬᠡᠷᠡᠭ ᠮᠡᠳᠡᠭᠴᠢ᠂ ᠰᠲ᠋ᠣᠺ ᠤᠨ ᠡᠷᠬᠡ ᠶᠢᠨ ᠲᠥᠯᠥᠭᠡᠯᠡᠭᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠡᠷᠡᠭ ᠮᠡᠳᠡᠭᠴᠢ᠂ ᠬᠢᠨᠠᠯᠲᠠ ᠲᠠᠯᠪᠢᠭᠴᠢ ᠵᠢᠴᠢ ᠲᠤᠰᠠᠭᠠᠷ ᠬᠡᠷᠡᠭ ᠬᠠᠮᠢᠶᠠᠷᠤᠭᠴᠢ ᠶᠢ ᠰᠢᠯᠭᠠᠨ ᠪᠠᠶᠢᠴᠠᠭᠠᠵᠤ ᠲᠠᠨᠢᠯᠴᠠᠭᠤᠯᠤᠨ᠎ᠠ᠃ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠪᠠ ᠬᠤᠪᠢ ᠣᠷᠣᠭᠤᠯᠤᠭᠰᠠᠨ ᠺᠣᠮᠫᠠᠨᠢ ᠳᠤ ᠤᠯᠤᠰ ᠤᠨ ᠦᠮᠴᠢᠯᠡᠯᠳᠤ ᠰᠲ᠋ᠣᠺ ᠤᠨ ᠡᠷᠬᠡ ᠶᠢᠨ ᠲᠥᠯᠥᠭᠡᠯᠡᠭᠴᠢ ᠶᠢ ᠲᠣᠮᠢᠯᠠᠬᠤ ᠲᠥᠰᠦᠯ ᠢ ᠲᠤᠭᠤᠷᠪᠢᠨ ᠲᠣᠭᠲᠠᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠷᠢᠮᠵᠢᠶ᠎ᠠ ᠲᠠᠢ ᠬᠠᠷᠢᠴᠠᠭᠤᠯᠬᠤ ᠲᠤᠭᠳᠠᠯᠴᠠᠭ᠎ᠠ ᠶᠢ ᠪᠦᠷᠢᠨᠰᠢᠭᠦᠯᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠲᠡᠭᠦᠯᠳᠡᠷᠵᠢᠭᠦᠯᠦᠨ᠎ᠡ᠃ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠨᠢᠭᠡᠴᠡ ᠶᠢᠨ ᠬᠠᠷᠢᠭᠤᠴᠠᠯᠭᠠᠳᠠᠨ  ᠳᠤ ᠣᠨ ᠤ ᠰᠢᠯᠭᠠᠨ ᠬᠢᠨᠠᠯᠳᠠ ᠪᠠ ᠲᠤᠰᠢᠶᠠᠯ ᠤᠨ ᠬᠤᠭᠤᠴᠠᠭᠠᠨ ᠤ ᠰᠢᠯᠭᠠᠨ ᠬᠢᠨᠠᠯᠳᠠ ᠬᠢᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠠᠷᠭ᠎ᠠ ᠶᠢ ᠳᠤᠷᠠᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠶᠡᠷᠦᠩᠬᠡᠢ ᠬᠢᠷᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠳᠦᠷᠢᠮ ᠪᠠ ᠤᠷᠮᠠᠰᠢᠭᠤᠯᠬᠤ ᠠᠷᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠪᠠ ᠠᠵᠢᠯᠲᠠᠨ ᠠᠵᠢᠯᠴᠢᠨ ᠤ ᠠᠰᠠᠷᠠᠮᠵᠢ ᠪᠠᠲᠤᠯᠠᠭ᠎ᠠ ᠶᠢ ᠵᠢᠷᠤᠮᠵᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠠᠵᠢᠯ ᠢ ᠳᠠᠭᠠᠭᠠᠨ ᠭᠦᠢᠴᠡᠳᠬᠡᠨ᠎ᠡ᠃ ᠪᠡᠯᠡ ᠭᠠᠷᠭᠠᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠯᠭᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠢᠨᠠᠯᠲᠠ ᠲᠠᠯᠪᠢᠨ ᠬᠡᠷᠡᠭᠵᠢᠭᠦᠯᠬᠦ ᠵᠡᠷᠭᠡ ᠠᠵᠢᠯ ᠢ ᠳᠠᠭᠠᠭᠠᠨ ᠡᠷᠬᠢᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠵᠢᠯᠣᠭᠤᠳᠤᠨ ᠡᠷᠬᠢᠯᠡᠵᠦ ᠪᠠᠶᠢᠭ᠎ᠠ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠴᠢᠩᠭᠠᠳᠬᠠᠵᠤ᠂ ᠪᠡᠯᠡ ᠭᠠᠷᠭᠠᠭᠴᠢ ᠠᠵᠤ ᠠᠬᠤᠶᠢᠯᠠᠯ ᠤᠨ ᠪᠡᠯᠡ ᠲᠣᠬᠢᠷᠠᠭᠤᠯᠬᠤ᠂ ᠳᠠᠭᠠᠭᠠᠯᠲᠠ ᠬᠢᠬᠦ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃ ᠬᠢᠨᠠᠨ ᠬᠠᠮᠢᠶᠠᠷᠬᠤ ᠭᠠᠵᠠᠷ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠴᠢᠳᠠᠪᠤᠷᠢᠲᠠᠨ᠂ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠬᠢᠭᠡᠳ ᠣᠷᠣᠨ ᠨᠤᠲᠤᠭ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠢᠯᠣᠭᠤᠳᠤᠨ ᠵᠣᠬᠢᠴᠠᠭᠤᠯᠤᠨ᠎ᠠ᠃    ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯ ᠪᠣᠯᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠶᠢᠷᠢᠰᠢᠭᠤᠯᠤᠯ ᠪᠣᠯᠤᠨ ᠪᠦᠲᠦᠴᠡ ᠶᠢᠨ ᠲᠣᠬᠢᠷᠠᠭᠤᠯᠤᠯᠲᠠ ᠶᠢ ᠵᠢᠯᠤᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠪᠡᠯᠡ ᠭᠠᠷᠭᠠᠭᠴᠢ ᠠᠵᠤ ᠠᠬᠤᠶᠢᠯᠠᠯ ᠤᠨ ᠳᠦᠷᠢᠮ ᠢ ᠬᠢᠨᠠᠨ ᠲᠣᠭᠲᠠᠭᠠᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠯᠤᠰ ᠤᠨ ᠦᠮᠴᠢᠯᠡᠯᠳᠤ ᠡᠳ᠋ ᠬᠥᠷᠥᠩᠭᠡ ᠶᠢᠨ ᠲᠥᠷᠥ ᠶᠢᠨ ᠪᠣᠳᠣᠯᠭ᠎ᠠ ᠶᠢᠨ ᠣᠨᠣᠯ ᠤᠨ ᠠᠰᠠᠭᠤᠳᠠᠯ ᠤᠨ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶ ᠪᠣᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠶᠡᠷᠦᠩᠬᠡᠶᠢᠯᠡᠨ ᠰᠤᠳᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠰᠠᠨᠠᠯ ᠪᠠ ᠠᠷᠭ᠎ᠠ ᠬᠡᠮᠵᠢᠶ᠎ᠡ ᠶᠢ ᠰᠤᠳᠤᠯᠤᠨ ᠲᠤᠷᠠᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠡᠯᠡ ᠮᠥᠩᠭᠦ ᠶᠢ ᠬᠠᠷᠭᠤᠭᠤᠯᠬᠤ ᠪᠠ ᠡᠳ᠋ ᠬᠥᠷᠥᠩᠭᠡ ᠶᠢᠨ ᠬᠤᠬᠢᠷᠠᠯ ᠢ ᠬᠢᠨᠠᠨ ᠲᠠᠶᠢᠯᠬᠤ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠰᠢᠮᠳᠠᠭᠤᠯᠵᠤ ᠴᠢᠬᠤᠯᠠ ᠡᠵᠡᠩᠨᠡᠯᠲᠡ ᠶᠢᠨ ᠵᠦᠢᠯᠡᠰ ᠪᠠ ᠬᠦᠨᠳᠦ ᠶᠡᠭᠡ ᠲᠦᠭᠰᠢᠭᠦᠷᠢ ᠶᠢ ᠮᠡᠳᠡᠭᠦᠯᠵᠦ᠂ ᠰᠢᠢᠳᠪᠦᠷᠢᠯᠡᠬᠦ ᠰᠠᠨᠠᠯ ᠢ ᠰᠤᠳᠤᠯᠤᠨ ᠲᠤᠷᠠᠳᠤᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠷᠢᠳᠬᠡᠯ ᠵᠠᠳᠠᠯᠤᠯᠳᠠ᠂ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ᠤᠯᠤᠰ ᠤᠨ ᠥᠮᠴᠢᠯᠡᠯᠲᠦ ᠬᠥᠷᠥᠩᠭᠡ ᠶᠢᠨ ᠠᠵᠢᠯᠯᠠᠭᠠᠨ ᠤ ᠳᠦᠷᠢᠮ ᠢ ᠰᠤᠳᠤᠯᠤᠨ ᠲᠤᠭᠳᠠᠭᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠬᠤ᠂ ᠺᠣᠮᠫᠠᠨᠢ ᠡᠵᠡᠩᠨᠡᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠵᠢᠯᠣᠭᠤᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠪᠠ ᠬᠡᠷᠡᠭ ᠮᠡᠳᠡᠭᠴᠢᠳ ᠤᠨ ᠵᠥᠪᠯᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠨᠡᠶᠢᠯᠡᠭᠦᠯᠬᠦ᠂ ᠬᠤᠪᠢ ᠣᠷᠣᠭᠤᠯᠬᠤ ᠳᠦᠷᠢᠮ ᠢ ᠥᠭᠡᠷᠡᠴᠢᠯᠡᠬᠦ᠂ ᠵᠠᠬ᠎ᠠ ᠳᠡᠯᠭᠡᠭᠦᠷ ᠲᠤ ᠭᠠᠷᠭᠠᠬᠤ᠂ ᠪᠡᠯᠡ ᠨᠡᠶᠢᠯᠡᠭᠦᠯᠬᠦ᠂ ᠰᠠᠯᠭᠠᠨ ᠲᠤᠰᠠᠭᠠᠷᠯᠠᠬᠤ ᠵᠡᠷᠭᠡ ᠳᠠᠬᠢᠨ ᠴᠤᠭᠴᠠᠯᠠᠬᠤ ᠪᠠ ᠪᠠᠶᠢᠭᠤᠯᠬᠤ ᠲᠥᠰᠦᠯ ᠢ ᠲᠤᠭᠤᠷᠪᠢᠨ ᠲᠣᠭᠲᠠᠭᠠᠨ᠎ᠠ᠃ ᠪᠠᠶᠢᠭᠤᠯᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠤᠯᠢ ᠶᠢᠨ ᠶᠠᠪᠤᠳᠠᠯ ᠤᠨ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠤᠯᠢᠵᠢᠯ ᠤᠨ ᠪᠠᠶᠢᠭᠤᠯᠤᠯᠲᠠ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ᠬᠤᠯᠪᠣᠭᠳᠠᠯ ᠪᠦᠬᠦᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠪᠠ ᠠᠵᠢᠯᠯᠠᠭᠤᠯᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠠᠮᠢᠶᠠᠷᠤᠭᠳᠠᠬᠤ ᠤᠯᠤᠰ ᠤᠨ ᠦᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠠᠴᠠ ᠣᠯᠠᠨ ᠡᠰᠢᠳᠤ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠠᠵᠤ ᠠᠬᠤᠶᠢᠯᠠᠯ ᠤᠨ ᠬᠤᠪᠢ ᠣᠷᠣᠭᠤᠯᠤᠭᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠬᠦ ᠵᠡᠷᠭᠡ ᠠᠵᠢᠯ ᠢ ᠬᠠᠮᠢᠶᠠᠷᠤᠨ᠎ᠠ᠃    ᠤᠯᠤᠰ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠰᠠᠨᠠᠯ ᠢ ᠰᠤᠳᠤᠯᠤᠨ ᠳᠤᠷᠠᠳᠴᠤ᠂ ᠤᠯᠤᠰ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠲᠠᠯ᠎ᠠ ᠶᠢᠨ ᠲᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠪᠡᠯᠡ ᠭᠠᠷᠭᠠᠭᠴᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠵᠠᠭᠠᠭᠯᠠᠨ ᠲᠣᠭᠲᠠᠭᠠᠬᠤ᠂ ᠳᠠᠩᠰᠠᠯᠠᠬᠤ᠂ ᠬᠤᠪᠢᠶᠠᠷᠢᠯᠠᠨ ᠰᠢᠯᠵᠢᠭᠦᠯᠬᠦ᠂ ᠰᠢᠢᠳᠪᠦᠷᠢᠯᠡᠬᠦ ᠵᠢᠴᠢ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠬᠦᠯᠬᠦ ᠰᠢᠢᠳᠪᠦᠷᠢᠯᠡᠬᠦ ᠵᠡᠷᠭᠡ ᠠᠵᠢᠯ ᠢ ᠡᠭᠦᠷᠭᠡᠯᠡᠨ᠎ᠡ᠃ ᠪᠡᠯᠡ ᠭᠠᠷᠭᠠᠭᠴᠢ ᠠᠵᠤ ᠠᠬᠤᠶᠢᠯᠠᠯ ᠤᠨ ᠡᠳ᠋ ᠬᠥᠷᠥᠩᠭᠡ ᠶᠢ ᠦᠨᠡᠯᠡᠨ ᠵᠢᠱᠢᠬᠦ ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠪᠡᠯᠡ ᠭᠠᠷᠭᠠᠭᠴᠢ ᠠᠵᠤ ᠠᠬᠤᠶᠢᠯᠠᠯ ᠤᠨ ᠰᠲ᠋ᠣᠺ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠥᠷᠥᠩᠭᠡ ᠮᠥᠩᠭᠦ ᠶᠢᠨ ᠬᠤᠪᠢᠷᠠᠯᠲᠠ ᠵᠢᠴᠢ ᠵᠢᠬᠡᠯᠡᠭᠡ ᠶᠢᠨ ᠲᠡᠮᠳᠡᠭᠳᠤ  ᠲᠠᠷᠬᠠᠭᠠᠬᠤ ᠲᠥᠰᠥᠯ ᠢ ᠬᠢᠨᠠᠨ ᠬᠠᠷᠭᠤᠭᠤᠯᠤᠨ᠎ᠠ᠃ ᠤᠯᠤᠰ ᠤᠨ ᠥᠮᠴᠢᠯᠡᠯ ᠤᠨ ᠡᠷᠬᠡ ᠶᠢᠨ ᠠᠷᠠᠯᠵᠢᠶᠠᠨ ᠳᠤ ᠬᠢᠨᠠᠯᠲᠠ ᠲᠠᠯᠪᠢᠨ ᠵᠢᠷᠤᠮᠵᠢᠭᠤᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠪᠠᠨ ᠰᠠᠯᠭᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠵᠢᠯᠣᠭᠤᠳᠤᠨ ᠠᠬᠢᠭᠤᠯᠤᠨ᠎ᠠ᠃    ᠭᠤᠷᠪᠠ᠂ ᠠᠯᠪᠡᠨ ᠬᠡᠷ ᠤᠨ ᠬᠠᠶ᠋ᠢᠭ᠄ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠡᠮᠦᠷ ᠵᠠᠮ ᠤᠨ ᠪᠠᠷᠠᠭᠤᠨᠳᠡᠬᠢ ᠢ ᠴᠠᠩ ᠣᠲᠣ ᠦᠶ᠎ᠡ ᠶᠢᠨ ᠬᠤᠲᠠ ᠶᠢᠨ B ᠰᠠᠭᠤᠳᠠᠯ ᠤᠨ 25  ᠲᠠᠪᠬᠤᠷᠯᠢᠭ ᠲᠤ    ᠳᠥᠷᠪᠡ᠂ ᠠᠵᠢᠯᠯᠠᠬᠤ ᠴᠠᠭ    ᠵᠤᠨ ᠤ ᠤᠯᠠᠷᠢᠯ᠄ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨ᠎ᠠ᠄ 15᠄ 00-1800 ︵ᠭᠠᠷᠠᠭ ᠤᠨ ᠨᠢᠬᠡᠨ ᠠᠴᠠ ᠭᠠᠷᠠᠭ ᠤᠨ ᠲᠠᠪᠤᠨ ᠪᠤᠯᠳᠠᠯ᠎ᠠ᠂ ᠬᠠᠤᠯᠢ ᠠᠴᠠ ᠲᠤᠭᠳᠠᠭᠠᠭᠰᠡᠨ ᠠᠮᠠᠷᠠᠯᠳᠠ ᠶᠢᠨ ᠡᠳᠦᠷ ᠠᠴᠠ ᠭᠠᠳᠠᠨ᠎ᠠ︶    ᠡᠪᠦᠯ ᠤᠨ ᠤᠯᠠᠷᠢᠯ᠄ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨ᠎ᠠ᠄ 14᠄ 30 - 17᠄ 30    ᠲᠠᠪᠤ᠂ ᠬᠠᠷᠢᠯᠴᠠᠬᠤ ᠤᠳᠠᠰᠤ᠄ 0477-8120837᠂ 8161657
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ