ᠪᠤᠶᠠᠠᠶᠢᠪᠡᠭᠡᠯ  ︵1903 — 1947 )
ᠨᠡᠶᠢᠲᠡᠯᠡᠭᠰᠡᠨ ᠴᠠᠭ᠄
2024/3/7
                ᠪᠤᠶᠠᠠᠶᠢᠪᠡᠭᠡᠯ ︵1903 — 1947︶ ᠮᠤᠩᠭᠤᠯ ᠦᠨᠳᠤᠰᠤᠳᠠᠨ᠂ ᠬᠢᠳᠡᠳ ᠨᠡᠷ᠎ᠡ ᠨᠢ ᠴᠢ ᠹᠦ᠋ ᠯᠤ᠋ ᠭᠡᠳᠡᠭ᠃ ᠶᠡᠭᠡ ᠵᠤᠤ ᠶᠢᠨ ᠴᠢᠭᠤᠯᠭᠠᠨ ᠤ ᠦᠤᠰᠢᠨ ᠬᠤᠰᠢᠭᠤᠨ ᠤ ᠱᠠᠷᠯᠢᠭ ᠰᠤᠮᠤᠨ ᠤ ᠴᠠᠮᠬᠠᠭ ᠤᠨ ᠬᠦᠮᠦᠨ᠃ 1903 ᠤᠨ ᠳᠤ ᠨᠢᠭᠡᠨ ᠲᠠᠶᠢᠵᠢ ᠶᠢᠨ ᠭᠡᠷ ᠲᠤ ᠲᠦᠷᠦᠵᠡᠢ᠃    1919 ᠤᠨ ᠳᠤ᠂ ᠪᠤᠶᠠᠠᠶᠢᠪᠡᠭᠡᠯ ᠠᠶᠢᠯ ᠰᠠᠭᠠᠬᠠᠯᠳᠠ ᠶᠢᠨ ᠠᠬ᠎ᠠ ᠲᠡᠬᠦᠤ ᠬᠠᠨᠢᠤᠮᠠᠨᠳᠠ ᠵᠡᠷᠭᠡ ᠬᠦᠮᠤᠰ ᠤᠨ ᠨᠦᠯᠦᠭᠡᠯᠡᠯ ᠢᠶᠠᠷ ᠲᠤᠳᠤᠭᠠᠳᠤ ᠮᠤᠩᠭᠤᠯ ᠤᠨ ᠠᠷᠠᠳ ᠤᠨ ᠬᠤᠪᠢᠰᠬᠠᠯᠳᠤ ᠴᠡᠷᠢᠭ ᠲᠤ ᠤᠷᠤᠵᠤ᠂ ᠬᠤᠪᠢᠰᠬᠠᠯᠳᠤ ᠴᠡᠷᠢᠭ ᠤᠨ 12 ᠳ᠋ᠤᠭᠠᠷ ᠬᠤᠷᠢᠶᠠᠨ ᠳᠤ ᠠᠷᠪᠠᠳᠤ ︵ᠰᠠᠯᠠᠭᠠᠨ ᠲᠠᠷᠤᠭ᠎ᠠ︶ ᠶᠢᠨ ᠲᠠᠷᠤᠭ᠎ᠠ  ᠪᠠᠷ ᠰᠤᠩᠭᠤᠭᠳᠠᠪᠠ᠃    1929 ᠤᠨ ᠳᠤ᠂ ᠮᠦᠡᠭᠭᠡᠨ᠋ᠦ᠋ᠯᠵᠡᠢ ᠬᠤᠪᠢᠰᠬᠠᠯ ᠤᠨ ᠤᠳᠤᠷᠢᠳᠬᠤ ᠡᠷᠭᠡ ᠶᠢ ᠵᠠᠪᠰᠢᠨ ᠠᠪᠤᠭᠰᠠᠨ ᠠᠴᠠ ᠲᠡᠷᠡ ᠠᠷᠭ᠎ᠠ ᠪᠤᠰᠤ ᠤᠯᠤᠰ ᠲᠦᠷᠦ ᠶᠢᠨ ᠲᠠᠪᠴᠠᠩ ᠠᠴᠠ ᠵᠠᠶᠢᠯᠠᠵᠤ᠂ ᠭᠡᠷ ᠲᠡᠭᠡᠨ ᠬᠠᠷᠢᠵᠤ ᠬᠦᠳᠡᠯᠮᠦᠷᠢᠯᠡᠵᠡᠢ᠃ ᠡᠨᠡ ᠦᠶ᠎ᠡ ᠳᠤ ᠲᠡᠷᠡ ᠨᠡᠰᠤᠠᠳᠠᠯᠭᠡᠷ᠂ ᠲᠤᠪᠴᠢᠨᠳᠤᠷᠵᠢ ᠵᠡᠷᠭᠡ ᠬᠦᠮᠤᠰ ᠲᠠᠢ ᠬᠠᠮᠳᠤ ᠮᠤᠩᠭᠤᠯ ᠬᠢᠳᠡᠳ ᠫᠠᠷᠲ᠋ᠢᠽᠠᠨ ᠠᠩᠬᠢ ᠶᠢᠨ ᠤᠳᠤᠷᠢᠳᠤᠯᠭ᠎ᠠ ᠲᠠᠢ ᠨᠢᠭᠤᠴᠠ ᠪᠠᠷ ᠠᠭᠤᠯᠵᠠᠳᠠᠭ ᠪᠤᠯᠪᠠ᠃ ᠤᠯᠠᠨ ᠤᠳᠠᠭᠠᠨ ᠤ ᠶᠠᠪᠤᠯᠴᠠᠭ᠎ᠠ ᠠᠴᠠ ᠲᠡᠳᠡ ᠮᠤᠩᠭᠤᠯ ᠦᠨᠳᠤᠰᠤᠳᠠᠨ ᠤ ᠴᠤᠷ ᠤᠨ ᠭᠠᠭᠴᠠ ᠭᠠᠷᠬᠤ ᠵᠠᠮ ᠪᠤᠯ ᠲᠠᠷᠤᠢ ᠡᠪ ᠬᠠᠮᠳᠤ ᠨᠠᠮ ᠢ ᠳᠠᠭᠠᠵᠤ ᠴᠢᠯᠦᠭᠡᠯᠡᠯᠳᠡ ᠶᠢ ᠲᠡᠮᠡᠴᠡᠨ ᠣᠯᠬᠤ ᠶᠢ ᠲᠠᠨᠢᠵᠤ ᠤᠯᠤᠭᠰᠠᠨ ᠪᠠᠶᠢᠨ᠎ᠠ᠃    1936 ᠤᠨ ᠤ ᠡᠪᠦᠯ᠂ ᠨᠠᠮ ᠤᠨ ᠨᠢᠭᠤᠴᠠ ᠠᠵᠢᠯᠳᠠᠨ ᠮᠤᠯᠦᠮᠵᠠᠮᠰᠤ ᠨᠠᠮ ᠤᠨ ᠲᠦᠪ ᠬᠤᠷᠢᠶ᠎ᠠ᠂ ᠮᠠᠤ ᠽᠧ ᠳ᠋ᠦᠡᠭ ᠤᠨ ᠨᠠᠶᠢᠳᠠᠯᠭ᠎ᠠ ᠪᠠᠷ ᠦᠤᠰᠢᠨ ᠬᠤᠰᠢᠭᠤᠨ ᠤ ᠮᠠᠯᠴᠢᠳ ᠤᠨ ᠲᠦᠯᠦᠭᠡᠯᠡᠭᠴᠢᠳ ᠤᠨ ᠪᠦᠯᠬᠦᠮ ᠢ ᠵᠤᠬᠢᠶᠠᠨ ᠪᠠᠶᠢᠭᠤᠯᠤᠨ ᠶᠠᠨ ᠠᠨ ᠳᠤ ᠤᠴᠢᠵᠤ ᠲᠤᠭᠤᠷᠢᠨ ᠦᠵᠡᠬᠦ ᠠᠵᠢᠯᠯᠠᠭ᠎ᠠ ᠶᠢ ᠡᠷᠬᠢᠯᠡᠪᠡ᠂ ᠲᠡᠷᠡ ᠶᠠᠭ ᠲᠤᠭᠤᠷᠢᠨ ᠦᠵᠡᠬᠦ ᠪᠦᠯᠬᠦᠮ ᠤᠨ ᠵᠢᠱᠢᠭᠳᠡᠭᠴᠢ ᠪᠤᠯᠪᠠ᠃ 1937 ᠤᠨ ᠤ ᠬᠠᠪᠤᠷ᠂ ᠲᠡᠷᠡ ᠮᠠᠯᠴᠢᠳ ᠤᠨ ᠲᠦᠯᠦᠭᠡᠯᠡᠭᠴᠢᠳ ᠤᠨ ᠪᠦᠯᠬᠦᠮ ᠢ ᠲᠠᠭᠠᠵᠤ᠂ ᠬᠤᠪᠢᠰᠬᠠᠯ ᠤᠨ ᠰᠠᠭᠤᠷᠢᠨ ᠭᠠᠵᠠᠷ ᠶᠠᠨ ᠠᠨ ᠳᠤ ᠤᠴᠢᠭᠠᠳ ᠲᠤᠰ ᠭᠠᠵᠠᠷ ᠤᠨ ᠨᠠᠮ᠂ ᠵᠠᠰᠠᠭ᠂ ᠴᠡᠷᠢᠭ ᠠᠷᠠᠳ ᠤᠨ ᠡᠯ᠎ᠡ ᠡᠳᠡᠭᠡᠳ ᠲᠤ ᠬᠠᠯᠠᠭᠤᠨ  ᠢᠶᠠᠷ ᠤᠭᠳᠤᠭᠳᠠᠵᠤ᠂  ᠳᠠᠷᠠᠭ᠎ᠠ ᠳᠤᠨᠢ ᠶᠠᠨ ᠠᠨ ᠳᠤ ᠦᠯᠡᠳᠡᠵᠤ ᠲᠦᠪ ᠤᠨ ᠨᠠᠮ ᠤᠨ ᠰᠤᠷᠭᠠᠭᠤᠯᠢ ᠳᠤ ᠰᠤᠷᠤᠯᠴᠠᠪᠠ᠃ 1940 ᠤᠨ ᠳᠤ᠂ ᠪᠤᠶᠠᠠᠶᠢᠪᠡᠭᠡᠯ ᠴᠡᠷᠢᠭ ᠲᠤ ᠤᠷᠤᠵᠤ᠂ ᠪᠠᠷᠠᠭᠤᠨ ᠮᠤᠩᠭᠤᠯ ᠤᠨ ᠶᠠᠫᠤᠨ ᠢ ᠡᠰᠡᠷᠬᠦᠴᠡᠬᠦ ᠰᠠᠯᠪᠤᠷᠢ ᠠᠩᠭᠢ ᠶᠢᠨ ᠨᠢᠭᠡᠳᠤᠭᠡᠷ ᠶᠡᠭᠡ ᠠᠩᠭᠢ ᠶᠢᠨ ᠲᠦᠷᠪᠡᠳᠦᠭᠡᠷ ᠲᠤᠮᠳᠠ ᠠᠩᠭᠢ ᠶᠢᠨ ᠲᠡᠳ᠋ ᠲᠠᠷᠤᠭ᠎ᠠ ᠪᠠᠷ ᠲᠤᠮᠢᠯᠠᠭᠳᠠᠪᠠ᠃ ᠲᠡᠷᠡ ᠡᠪ ᠬᠠᠮᠳᠤ ᠨᠠᠮ ᠤᠨ ᠶᠠᠫᠤᠨ ᠢ ᠡᠰᠡᠷᠬᠦᠴᠡᠬᠦ ᠦᠨᠳᠤᠰᠤᠳᠠᠨ ᠤ ᠨᠢᠭᠡᠳᠤᠮᠠᠯ ᠹᠷᠦᠨᠲ ᠤᠨ ᠵᠤᠷᠢᠯᠳᠠ ᠶᠢ ᠢᠳᠡᠪᠬᠢᠳᠡᠢ ᠤᠬᠠᠭᠤᠯᠤᠭᠰᠠᠨ ᠢᠶᠠᠷ ᠤᠯᠠᠨ ᠲᠦᠮᠡᠨ ᠤ ᠲᠤᠳᠤᠷ᠎ᠠ ᠨᠡᠯᠢᠶᠡᠳ ᠨᠦᠯᠦᠭᠡ ᠲᠠᠢ ᠪᠤᠯᠵᠠᠢ᠃ 1941 ᠤᠨ ᠤ ᠡᠬᠢ ᠪᠠᠷ ᠭᠤᠮᠢᠨᠳᠠᠩ ᠠᠴᠠ ᠡᠪ ᠬᠠᠮᠳᠤ ᠨᠠᠮ ᠢ ᠡᠰᠡᠷᠬᠦᠴᠡᠬᠦ ᠠᠵᠢᠯᠯᠠᠭ᠎ᠠ ᠶᠠᠪᠤᠭᠤᠯᠤᠭᠰᠠᠨ ᠳᠤ ᠲᠡᠷᠠ ᠴᠡᠷᠢᠭ ᠠᠩᠬᠢ ᠠᠴᠠ ᠪᠠᠨ ᠰᠠᠯᠵᠤ ᠭᠡᠷ ᠲᠡᠭᠡᠨ ᠬᠠᠷᠢᠵᠤ ᠬᠦᠳᠡᠯᠮᠦᠷᠢ ᠬᠢᠪᠡ᠃ ᠲᠠᠮᠠᠢ ᠤᠳᠠᠭᠰᠠᠨ ᠦᠭᠡᠢ ᠤᠯᠠᠨ ᠲᠦᠮᠡᠨ ᠲᠡᠬᠦᠨ ᠢ ᠳ᠋ᠠ ᠶᠢᠨ ᠲᠠᠷᠤᠭ᠎ᠠ ᠪᠠᠷ ᠰᠤᠩᠭᠤᠪᠠ᠃ ᠪᠤᠶᠠᠠᠶᠢᠪᠡᠭᠡᠯ ᠦᠪᠡᠷ ᠤᠨ ᠢᠯᠠ ᠨᠠᠷ᠎ᠠ ᠲᠦᠷᠦ ᠵᠡᠷᠭᠡ ᠭᠡᠷᠭᠡᠮ ᠢᠶᠠᠨ ᠠᠰᠢᠭᠯᠠᠨ᠂ ᠶᠠᠳᠠᠭᠤ ᠵᠦᠳᠡᠬᠦᠤ ᠮᠠᠯᠴᠢᠨ ᠠᠷᠠᠳ ᠢ ᠢᠳᠡᠪᠬᠢᠳᠡᠢ ᠵᠤᠬᠢᠶᠠᠨ ᠪᠠᠶᠢᠭᠤᠯᠤᠨ᠂ ᠠᠷᠤ ᠲᠠᠯ᠎ᠠ ᠪᠠᠨ ᠪᠠᠬᠢᠵᠢᠭᠦᠯᠵᠦ ᠡᠮᠤᠨ᠎ᠠ ᠹᠷᠤᠨᠲ ᠢ ᠲᠠᠮᠵᠢᠪᠡ᠃    1943 ᠤᠨ ᠤ 4 ᠰᠠᠷ᠎ᠠ ᠶᠢᠨ 6 ᠤ ᠡᠳᠦᠷ ᠲᠡᠷᠠ ᠤᠷᠤᠨ ᠨᠤᠳᠤᠭ ᠤᠨ ᠡᠷᠭᠡ ᠮᠡᠳᠡᠯᠳᠡᠨ ᠳ᠋ᠠ ᠶᠢᠨ ᠲᠠᠷᠤᠭ᠎ᠠ ᠶᠢᠨ ᠨᠡᠷ᠎ᠡ ᠪᠠᠷ ᠬᠠᠨᠢᠤᠮᠠᠨᠳᠠ ᠲᠠᠢ ᠬᠠᠮᠳᠤ ᠭᠤᠮᠢᠨᠳᠠᠩ ᠠᠴᠠ ᠪᠠᠷᠠᠭᠤᠨ ᠦᠤᠰᠢᠨ ᠳᠤ ᠲᠤᠮᠢᠯᠠᠭᠰᠠᠨ ᠬᠤᠶᠠᠷ ᠲᠠᠩᠨᠠᠭᠤᠯ ᠢ ᠪᠠᠷᠢᠪᠴᠢᠯᠠᠭᠠᠳ ᠲᠠᠷᠤᠢ ᠳᠤᠨᠢ ᠡᠪ ᠬᠠᠮᠳᠤ ᠨᠠᠮ ᠳᠤ ᠲᠤᠰᠢᠶᠠᠵᠤ ᠰᠢᠢᠳᠪᠦᠷᠢᠯᠡᠬᠦᠯᠪᠡ᠃ ᠲᠤᠰ ᠡᠳᠦᠷ ᠪᠤᠶᠠᠠᠶᠢᠪᠡᠭᠡᠯ ᠪᠠᠰᠠ ᠬᠠᠨᠢᠤᠮᠠᠨᠳᠠ ᠶᠢᠨ ᠪᠤᠰᠤᠯᠭ᠎ᠠ ᠶᠢᠨ ᠴᠡᠷᠢᠭ ᠢ ᠲᠠᠭᠠᠵᠤ ᠶᠡᠭᠡ ᠰᠢᠪᠠᠷ ᠲᠤ ᠤᠴᠢᠵᠤ᠂ ᠬᠤᠪᠢᠰᠬᠠᠯ ᠤᠨ ᠡᠩᠨᠡᠭᠡᠨ ᠳᠤ ᠤᠷᠤᠵᠠᠢ᠃ 14 ᠤ ᠡᠳᠦᠷ ᠪᠤᠶᠠᠠᠶᠢᠪᠡᠭᠡᠯ ᠬᠠᠨᠢᠤᠮᠠᠨᠳᠠ ᠲᠠᠢ ᠬᠠᠮᠳᠤ ᠴᠡᠷᠢᠭ ᠲᠠᠭᠠᠭᠤᠯᠤᠨ ᠸᠠᠩ ᠤᠨ ᠤᠷᠳᠤᠨ ᠳᠤ ᠤᠷᠤᠵᠤ᠂ ︽4᠂15︾ ᠤ ᠪᠤᠰᠤᠯᠭ᠎ᠠ ᠳᠤ ᠲᠦᠷᠦᠭᠦᠯᠡᠨ ᠤᠷᠤᠯᠴᠠᠪᠠ᠃ᠪᠤᠰᠤᠯᠭ᠎ᠠ ᠶᠢᠨ ᠴᠡᠷᠢᠭ ᠪᠠᠷᠠᠭᠤᠨ ᠦᠤᠰᠢᠨ ᠳᠤ ᠬᠠᠷᠢᠭᠰᠠᠨ ᠤ ᠲᠠᠷᠠᠭ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠤᠰᠢᠨ ᠬᠤᠰᠢᠭᠤᠨ ᠤ ᠠᠵᠢᠯᠯᠠᠬᠤ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ᠂ ᠦᠤᠰᠢᠨ ᠬᠤᠰᠢᠭᠤᠨ ᠤ ᠮᠤᠷᠢᠳᠤ ᠴᠡᠷᠢᠭ ᠤᠨ ᠠᠮᠤᠷ ᠢ ᠬᠠᠮᠠᠭᠠᠯᠠᠬᠤ ᠲᠦᠷᠪᠡᠳᠦᠭᠡᠷ ᠬᠤᠷᠢᠶ᠎ᠠ ᠶᠢ ᠴᠡᠭᠴᠡᠯᠡᠨ ᠪᠠᠶᠢᠭᠤᠯᠵᠤ᠂ ᠪᠤᠶᠠᠠᠶᠢᠪᠡᠭᠡᠯ ᠨᠢᠭᠡᠳᠤᠭᠡᠷ ᠰᠤᠮᠤᠨ ᠤ ᠲᠠᠷᠤᠭ᠎ᠠ ᠪᠠᠷ ᠲᠡᠪᠰᠢᠬᠦᠯᠦᠭᠳᠡᠵᠠᠢ᠃ ᠲᠡᠷᠠ ᠪᠦᠬᠦ ᠰᠤᠮᠤᠨ ᠤ ᠪᠠᠶᠢᠯᠳᠤᠭᠴᠢᠳ ᠢᠶᠠᠨ ᠲᠠᠭᠠᠭᠤᠯᠤᠨ ᠡᠷᠡᠯᠭᠡᠭ  ᠢᠶᠠᠷ ᠪᠠᠶᠢᠯᠳᠣᠵᠤ᠂ ᠲᠠᠶᠢᠰᠤᠨ ᠤ ᠬᠡᠳᠤᠨ ᠠᠷᠪᠠᠨ ᠤᠳᠠᠭ᠎ᠠ ᠶᠢᠨ ᠪᠦᠰᠡᠯᠡᠯᠳᠠ ᠶᠢ ᠴᠤᠬᠢᠨ ᠤᠬᠤᠷᠢᠭᠤᠯᠵᠤ᠂ ᠪᠠᠷᠠᠭᠤᠨ ᠦᠤᠰᠢᠨ ᠤ ᠬᠤᠪᠢᠰᠬᠠᠯ ᠤᠨ ᠰᠠᠭᠤᠷᠢᠨ ᠭᠠᠵᠠᠷ ᠢ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠬᠦᠯᠪᠡ᠃   1945 ᠤᠨ ᠳᠤ 3 ᠰᠠᠷ᠎ᠠ ᠳᠤ᠂ ᠶᠡᠭᠡ ᠵᠤᠤ ᠶᠢᠨ ᠴᠢᠭᠤᠯᠭᠠᠨ ᠤ ᠠᠵᠢᠯᠯᠠᠬᠤ ᠬᠤᠷᠢᠶ᠎ᠠ ᠲᠡᠭᠡᠳᠤ ᠱᠠᠳᠤᠨ ᠤ ᠵᠢᠭᠠᠪᠤᠷᠢ ᠪᠠᠷ ᠪᠠᠷᠠᠭᠤᠨ ᠦᠤᠰᠢᠨ ᠤ ᠴᠡᠷᠢᠭ ᠠᠩᠬᠢ ᠶᠢ ︽ᠪᠠᠷᠠᠭᠤᠨ ᠦᠤᠰᠢᠨ ᠤ ᠠᠮᠤᠷ ᠢ  ᠬᠠᠮᠠᠭᠠᠯᠠᠬᠤ ᠰᠧᠯᠢᠩᠪᠦ᠋︾ ᠪᠤᠯᠭᠠᠨ ᠦᠭᠡᠷᠡᠴᠢᠯᠡᠨ ᠪᠠᠶᠢᠭᠤᠯᠵᠤ᠂ ᠪᠤᠶᠠᠠᠶᠢᠪᠡᠭᠡᠯ ᠵᠦᠪᠯᠡᠭᠴᠢ ᠶᠢᠨ ᠲᠠᠷᠤᠭ᠎ᠠ ᠪᠠᠷ ᠲᠡᠪᠰᠢᠬᠦᠯᠦᠭᠳᠡᠵᠡᠢ᠃   1947 ᠤᠨ ᠪᠤᠯ ᠬᠠᠮᠤᠭ ᠤᠨ ᠬᠠᠳᠠᠭᠤ ᠪᠡᠷᠭᠡ ᠵᠢᠯ ᠪᠢᠯᠡ᠂ ᠡᠨᠡᠬᠦ ᠠᠶᠤᠯ ᠵᠤᠪᠠᠯᠠᠩᠳᠤ ᠮᠠᠨᠳᠤᠵᠤ ᠮᠦᠬᠦᠬᠦ ᠵᠠᠩᠬᠢᠯᠠᠭ᠎ᠠ ᠶᠢᠨ ᠦᠶ᠎ᠡ ᠳᠤ᠂ ᠶᠡᠭᠡ ᠵᠤᠤ ᠶᠢᠨ ᠴᠢᠭᠤᠯᠭᠠᠨ ᠤ ᠠᠵᠢᠯᠯᠠᠬᠤ ᠬᠤᠷᠢᠶ᠎ᠠ ᠪᠤᠷᠤᠪᠠᠯᠭᠠᠰᠤᠨ ᠳᠤ ᠶᠡᠭᠡ ᠠᠩᠬᠢ ᠠᠴᠠ ᠲᠡᠭᠡᠭᠰᠢᠬᠢ ᠨᠠᠮ ᠵᠠᠰᠠᠭ ᠴᠡᠷᠢᠭ ᠤᠨ ᠤᠳᠤᠷᠢᠳᠬᠤ ᠺᠠᠳ᠋ᠷ ᠤᠨ ᠬᠤᠷᠠᠯ ᠬᠤᠷᠠᠯᠳᠤᠭᠤᠯᠵᠤ᠂ ᠲᠦᠪ ᠤᠨ ᠵᠢᠭᠠᠪᠤᠷᠢ ᠶᠢ ᠤᠯᠠᠮᠵᠢᠯᠠᠨ ᠪᠠᠶᠢᠳᠠᠯ ᠢ ᠵᠠᠳᠠᠯᠵᠤ᠂ ᠡᠮᠤᠨᠠᠰᠢ ᠴᠡᠷᠢᠭᠯᠡᠵᠦ ᠱᠠᠨᠪᠸᠢ ᠳᠤ ᠲᠤᠭᠤᠷᠢᠨ ᠪᠠᠶᠢᠯᠳᠤᠬᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢ ᠲᠤᠭᠳᠠᠭᠠᠵᠠᠢ᠃ ᠡᠮᠤᠨᠠᠰᠢ ᠴᠡᠷᠢᠭᠯᠡᠬᠦ ᠲᠤᠬᠠᠢ ᠵᠠᠷᠢᠮ ᠬᠦᠮᠦᠰ ᠡᠷᠡᠭᠡᠯᠵᠡᠭᠡ ᠲᠠᠢ ᠪᠠᠶᠢᠪᠠ᠃ ᠭᠡᠪᠡᠴᠤ ᠪᠤᠶᠠᠠᠶᠢᠪᠡᠭᠡᠯ ᠶᠤᠰᠤ ᠤᠴᠢᠷ ᠢ ᠬᠦᠢᠴᠡᠳ ᠲᠠᠨᠢᠵᠤ᠂ ᠦᠪᠡᠷ ᠤᠨ ᠤᠪᠤᠷ ᠢᠶᠠᠨ ᠢᠯᠡᠳᠭᠡᠪᠡ᠃ ᠲᠡᠷᠠ ᠬᠡᠯᠡᠬᠦ ᠳᠡᠭᠡᠨ᠄ ︽ᠲᠡᠶᠢᠰᠤᠨ ᠢᠷᠡᠭᠰᠡᠨ ᠶᠤᠮ ᠴᠢᠨᠢ ᠨᠤᠳᠤᠭ ᠲᠠᠭᠠᠨ ᠰᠠᠭᠤᠵᠤ ᠪᠤᠯᠬᠤ ᠦᠭᠡᠢ ᠪᠤᠯᠪᠠ᠂ ᠪᠤᠳᠠᠭ᠎ᠠ ᠪᠠᠳᠢᠷᠯᠠᠵᠤ ᠠᠭ᠎ᠠ ᠲᠤᠯᠢᠶᠠᠨ ᠨᠤᠭᠤᠭ᠎ᠠ ᠬᠡᠮᠡᠯᠢᠪᠠᠴᠤ ᠡᠪ ᠬᠠᠮᠳᠤ ᠨᠠᠮ ᠢ ᠡᠷᠡᠰ ᠲᠠᠭᠠᠨ᠎ᠠ᠂ ᠭᠡᠷ ᠬᠦᠷᠦᠩᠭᠡ᠂ ᠡᠭᠡᠨᠡᠷ ᠭᠡᠦᠭᠡᠳ ᠢᠶᠠᠨ ᠴᠤ ᠠᠪᠬᠤ ᠦᠭᠡᠢ ᠯᠠᠢ᠂ ᠡᠨᠡ ᠰᠠᠯᠠᠭ᠎ᠠ ᠬᠤᠪᠢᠰᠬᠠᠯᠳᠤ ᠡᠩᠨᠡᠭᠡ ᠪᠠᠨ ᠬᠠᠮᠠᠭᠠᠯᠠᠵᠤ᠂ ᠪᠦᠬᠦ ᠤᠯᠤᠰ ᠤᠨ ᠬᠤᠪᠢᠰᠬᠠᠯ ᠤᠨ ᠢᠯᠠᠯᠳᠠ᠂ ᠦᠨᠳᠤᠰᠤᠳᠠᠨ ᠤ ᠴᠢᠯᠦᠭᠡᠯᠡᠯᠳᠡ ᠶᠢᠨ ᠲᠦᠯᠦᠭᠡ ᠪᠢ ᠨᠠᠮ ᠤᠨ ᠤᠳᠤᠷᠢᠳᠤᠯᠭ᠎ᠠ ᠶᠢ ᠡᠷᠡᠰ ᠲᠠᠭᠠᠵᠤ᠂ ᠲᠡᠭᠡᠳᠤ ᠱᠠᠳᠤᠨ ᠤ ᠵᠠᠷᠯᠢᠭ ᠢ ᠰᠤᠨᠤᠰᠤᠨ᠂ ᠪᠠᠶᠢᠯᠳᠤᠭᠴᠢᠳ ᠤᠨ ᠦᠵᠡᠯ ᠰᠠᠨᠠᠭ᠎ᠠ ᠶᠢᠨ ᠠᠵᠢᠯ ᠢ ᠰᠠᠶᠢᠨ ᠬᠢᠵᠤ᠂ ᠴᠢᠭᠤᠯᠭᠠᠨ ᠤ ᠠᠵᠢᠯᠯᠠᠬᠤ ᠬᠤᠷᠢᠶ᠎ᠠ ᠶᠢ ᠲᠠᠭᠠᠵᠤ ᠡᠮᠤᠨᠠᠰᠢ ᠴᠡᠷᠢᠭᠯᠡᠨ᠎ᠡ︾ ᠭᠡᠰᠡᠨ ᠪᠦᠭᠡᠳ ᠴᠢᠯᠦᠭᠡᠯᠡᠭᠳᠡᠭᠰᠡᠨ ᠤᠷᠤᠨ ᠤ ᠠᠷᠠᠳ ᠢᠷᠭᠡᠳ ᠪᠤᠯᠤᠨ ᠴᠡᠷᠢᠭ ᠠᠩᠭᠢ ᠳᠠᠬᠢ ᠪᠡᠶ᠎ᠡ ᠪᠠᠷᠤᠭᠳᠠᠢ᠂ ᠵᠡᠮᠳᠡᠭ ᠴᠡᠷᠢᠭ ᠢ ᠠᠮᠤᠷ ᠲᠦᠪᠰᠢᠨ ᠰᠢᠯᠵᠢᠬᠦᠯᠬᠦ ᠪᠠ ᠠᠷᠠᠳ ᠲᠦᠮᠡᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠠᠰᠠᠭᠤᠳᠠᠯ ᠤᠨ ᠲᠤᠬᠠᠢ ᠠᠵᠢᠯᠯᠠᠬᠤ ᠬᠤᠷᠢᠶ᠎ᠠ ᠳᠤ ᠪᠤᠳᠠᠳᠠᠢ ᠲᠤᠬᠢᠷᠠᠭᠤᠯᠭ᠎ᠠ ᠶᠢᠨ ᠰᠠᠨᠠᠯ ᠲᠤᠷᠠᠳᠤᠭᠠᠳ᠂ ᠤᠳᠤᠷᠢᠳᠤᠯᠭ᠎ᠠ ᠠᠴᠠ ᠲᠡᠭᠡᠳᠤ ᠬᠡᠮᠵᠢᠶ᠎ᠡ ᠪᠠᠷ ᠴᠢᠬᠤᠯᠠᠴᠢᠯᠠᠭᠰᠠᠨ ᠪᠠᠶᠢᠨ᠎ᠠ᠃ 1947 ᠤᠨ ᠤ 3 ᠰᠠᠷ᠎ᠠ ᠶᠢᠨ ᠰᠠᠬᠦᠯᠴᠢ ᠪᠠᠷ ᠪᠠᠷᠠᠭᠤᠨ ᠦᠤᠰᠢᠨ ᠤ ᠠᠮᠤᠷ ᠢ ᠬᠠᠮᠠᠭᠠᠯᠠᠬᠤ ᠰᠧᠯᠢᠩᠪᠦ᠋ ᠱᠠᠨᠪᠸᠢ  ᠳᠤ ᠰᠢᠯᠵᠢᠪᠠ᠃   1947 ᠤᠨ ᠤ 5 ᠰᠠᠷ᠎ᠠ ᠶᠢᠨ ᠡᠬᠢ ᠪᠠᠷ ᠶᠡᠭᠡ ᠵᠤᠤ ᠠᠶᠢᠮᠠᠭ ᠤᠨ ᠴᠡᠷᠢᠭ ᠠᠩᠬᠢ ᠶᠢ ᠨᠢᠭᠡᠳᠤᠯᠳᠠᠢ ᠪᠠᠷ ᠶᠡᠭᠡ ᠵᠤᠤ ᠠᠶᠢᠮᠠᠭ ᠤᠨ ᠮᠤᠩᠭᠤᠯ ᠬᠢᠳᠡᠳ ᠰᠠᠯᠪᠤᠷᠢ ᠠᠩᠬᠢ ᠪᠤᠯᠭᠠᠨ ᠦᠭᠡᠷᠡᠴᠢᠯᠡᠪᠡ᠃ ᠪᠠᠷᠠᠭᠤᠨ ᠦᠤᠰᠢᠨ ᠤ ᠠᠮᠤᠷ ᠢ ᠬᠠᠮᠠᠭᠠᠯᠠᠬᠤ ᠰᠧᠯᠢᠩᠪᠦ᠋ ᠶᠢ ᠮᠤᠩᠭᠤᠯ ᠬᠢᠳᠡᠳ ᠰᠠᠯᠪᠤᠷᠢ ᠠᠩᠬᠢ ᠶᠢᠨ ᠬᠤᠶᠠᠳᠤᠭᠠᠷ ᠶᠡᠭᠡ ᠠᠩᠭᠢ ᠪᠤᠯᠭᠠᠨ ᠦᠭᠡᠷᠡᠴᠢᠯᠡᠭᠰᠡᠨ ᠪᠤᠯᠪᠠᠴᠤ᠂ ᠠᠮᠤᠷ ᠢ ᠬᠠᠮᠠᠭᠠᠯᠠᠬᠤ ᠰᠧᠯᠢᠩᠪᠦ᠋ ᠶᠢ ᠦᠯᠡᠳᠡᠭᠡᠵᠦ᠂ ᠪᠤᠶᠠᠠᠶᠢᠪᠡᠭᠡᠯ ᠠᠮᠤᠷ ᠢ ᠬᠠᠮᠠᠭᠠᠯᠠᠬᠤ ᠰᠧᠯᠢᠩᠪᠦ᠋ ᠶᠢᠨ ᠵᠦᠪᠯᠡᠭᠴᠢ ᠶᠢᠨ ᠲᠠᠷᠤᠭ᠎ᠠ ᠪᠠᠷ ᠲᠤᠮᠢᠯᠠᠭᠳᠠᠪᠠ᠃ 5 ᠰᠠᠷ᠎ᠠ ᠶᠢᠨ ᠰᠡᠬᠦᠯᠴᠢ ᠪᠠᠷ᠂ ᠴᠡᠷᠢᠭ ᠠᠩᠬᠢ ᠵᠢᠩᠪᠢᠶᠡᠨ ᠰᠢᠶᠡᠨ ᠤ ᠸᠠᠨ ᠶᠤᠤ ᠭᠧ ᠳ᠋ᠦᠡᠭ ᠬᠦᠷᠬᠦ ᠳᠤ ᠪᠤᠶᠠᠠᠶᠢᠪᠡᠭᠡᠯ ᠲᠡᠩᠳᠡᠬᠦᠤ ᠶᠠᠳᠠᠷᠠᠵᠤ ᠵᠦᠳᠡᠷᠡᠭᠰᠡᠨ ᠠᠴᠠ ᠪᠤᠯᠵᠤ ᠬᠠᠯᠳᠠᠪᠤᠷᠢᠳᠤ ᠲᠤᠮᠤᠭᠤ ᠡᠪᠡᠳᠴᠢᠨ ᠳᠤ ᠨᠡᠷᠪᠡᠭᠳᠡᠵᠦ᠂ ᠮᠤᠷᠢᠳᠤ ᠴᠡᠷᠢᠭ ᠤᠨ ᠬᠤᠷᠢᠶᠠᠨ ᠤ ᠡᠮᠨᠡᠯᠭᠡ ᠳᠤ ᠬᠦᠷᠭᠡᠪᠡ᠂ ᠤᠯᠠᠨ ᠲᠠᠯ᠎ᠠ ᠪᠠᠷ ᠡᠮᠨᠡᠨ ᠵᠠᠰᠠᠭᠰᠠᠨ ᠪᠤᠯᠪᠠᠴᠤ ᠲᠤᠰᠠ ᠪᠤᠯᠤᠭᠰᠠᠨ ᠦᠭᠡᠢ ᠵᠠᠪᠰᠢᠶᠠᠨ ᠪᠤᠰᠤ ᠪᠠᠷ ᠨᠠᠰᠤ ᠪᠠᠷᠠᠪᠠ᠃ ᠲᠤᠬᠠᠢ ᠶᠢᠨ ᠵᠢᠯ  ᠳᠤ 44 ᠨᠠᠰᠤᠳᠠᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ