ᠳᠡᠯᠡᠬᠡᠢ ᠶᠢᠨ ᠬᠦᠳᠡᠯᠮᠤᠷᠢᠴᠢᠨ ᠡᠮᠡᠭᠳᠡᠶᠢᠴᠤᠳ ᠤᠨ ᠪᠠᠶᠠᠷ ᠤᠨ ᠡᠳᠤᠷ ᠤᠨ ᠢᠷᠡᠯᠳᠡ
ᠨᠡᠶᠢᠲᠡᠯᠡᠭᠰᠡᠨ ᠴᠠᠭ᠄
2024/3/8
     1909 ᠤᠨ ᠤ 3 ᠰᠠᠷ᠎ᠠ ᠶᠢᠨ 8 ᠤ ᠡᠳᠤᠷ᠂ ᠠᠮᠧᠷᠢᠺᠠ ᠶᠢᠨ ᠢᠯᠢᠨᠤᠸ᠋ᠰ ᠵᠸᠤ ᠶᠢᠨ ᠴᠢᠺᠠᠭᠤ᠋ ᠬᠤᠳᠠ  ᠶᠢᠨ ᠡᠮᠡᠭᠳᠡᠢ ᠠᠵᠢᠯᠴᠢᠳ ᠡᠷᠬᠡ ᠳᠡᠭᠰᠢ ᠪᠠ ᠡᠷᠬᠡ ᠴᠢᠯᠦᠬᠡ ᠶᠢ ᠳᠡᠮᠡᠴᠡᠨ ᠤᠯᠬᠤ ᠶᠢᠨ ᠲᠦᠯᠦᠬᠡ ᠳᠠᠯᠠᠶᠢᠴᠠ ᠶᠡᠬᠡᠳᠡᠢ ᠠᠵᠢᠯ ᠬᠠᠶᠠᠯᠳᠠ ᠪᠠ ᠰᠦᠷᠳᠤ ᠵᠢᠠᠠᠰᠠᠭᠠᠯ ᠶᠠᠪᠤᠭᠤᠯᠤᠭᠰᠠᠨ ᠪᠦᠬᠡᠳ ᠡᠴᠤᠰ ᠲᠡᠭᠡᠨ ᠢᠯᠠᠯᠳᠠ ᠤᠯᠵᠠᠢ᠃ ᠳᠡᠯᠡᠬᠡᠢ ᠶᠢᠨ ᠠᠩᠬᠠᠳᠤᠭᠠᠷ ᠳᠠᠶᠢᠨ ᠠᠴᠠ ᠡᠮᠤᠨ᠎ᠡ᠂ ᠳᠠᠶᠢᠨ ᠤ ᠪᠠᠷᠠᠭᠠᠨ ᠰᠡᠬᠦᠳᠡᠷ ᠳᠡᠯᠡᠬᠡᠢ ᠶᠢ ᠪᠦᠷᠬᠦᠵᠤ᠂ ᠡᠵᠡᠷᠬᠡᠭ ᠲᠦᠷᠢᠮᠡᠬᠡᠶᠢᠳᠡᠨ ᠺᠤᠯᠤᠨᠢ ᠶᠢᠨ ᠤᠷᠤᠨ ᠢ ᠬᠡᠰᠡᠭᠯᠡᠨ ᠬᠤᠪᠢᠶᠠᠬᠤ ᠪᠠᠷ ᠭᠤᠷᠢᠳᠠᠵᠤ ᠪᠠᠶᠢᠪᠠ᠃ 1910 ᠤᠨ ᠤ 8 ᠰᠠᠷ᠎ᠠ ᠳᠤ᠂ ᠳ᠋ᠠᠮᠠᠷᠺ ᠤᠨ ᠨᠡᠶᠢᠰᠯᠡᠯ ᠺᠤᠫᠠᠭ᠋ᠠᠭᠸᠠ ᠳᠤ ᠳᠡᠯᠡᠬᠡᠢ ᠶᠢᠨ ᠨᠡᠶᠢᠬᠡᠮ ᠵᠢᠷᠦᠮᠳᠠᠨ ᠤ ᠬᠤᠶᠠᠳᠤᠭᠠᠷ ᠤᠳᠠᠭᠠᠨ ᠤ ᠡᠮᠡᠭᠳᠡᠶᠢᠴᠤᠳ ᠤᠨ ᠲᠦᠯᠦᠬᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ᠃ 17 ᠤᠯᠤᠰ ᠤᠨ ᠲᠦᠯᠦᠬᠡᠯᠡᠭᠴᠢ ᠬᠤᠷᠠᠯ ᠳᠤ ᠤᠷᠤᠯᠴᠠᠵᠤ᠂ ᠡᠵᠡᠷᠬᠡᠭ ᠲᠦᠷᠢᠮᠡᠬᠡᠶᠢᠳᠡᠨ ᠤ ᠳᠠᠶᠢᠨ ᠦᠷᠬᠡᠳᠬᠡᠬᠦ ᠶᠢ ᠡᠰᠡᠷᠬᠦᠴᠡᠵᠤ᠂ ᠳᠡᠯᠡᠬᠡᠢ ᠶᠢᠨ ᠡᠩᠬᠡ ᠳᠠᠶᠢᠪᠤᠩ ᠢ ᠬᠠᠮᠠᠭᠠᠯᠠᠬᠤ ᠶᠢ ᠶᠠᠷᠢᠯᠴᠠᠪᠠ᠃ ᠡᠬᠦᠨ ᠤ ᠬᠠᠮᠳᠤ ᠪᠠᠰᠠ ᠡᠮᠡᠭᠳᠡᠶᠢᠴᠤᠳ ᠬᠡᠤᠬᠡᠳ  ᠤᠨ ᠡᠷᠬᠡ ᠠᠰᠢᠭ ᠢ ᠬᠠᠮᠠᠭᠠᠯᠠᠬᠤ᠂ 8 ᠴᠠᠭ ᠤᠨ ᠠᠵᠢᠯᠯᠠᠬᠤ ᠲᠦᠷᠢᠮ ᠪᠠ ᠡᠮᠡᠭᠳᠡᠶᠢᠴᠤᠳ ᠤᠨ ᠰᠤᠩᠭᠤᠭᠤᠯᠢ ᠶᠢᠨ ᠡᠷᠬᠡ ᠶᠢ ᠳᠡᠮᠡᠴᠡᠨ ᠤᠯᠬᠤ ᠠᠰᠠᠭᠤᠳᠠᠯ ᠢ ᠶᠠᠷᠢᠯᠴᠠᠵᠠᠢ᠃ ᠡᠨᠡ ᠤᠳᠠᠭᠠᠨ ᠤ ᠬᠤᠷᠠᠯ ᠢ ᠤᠳᠤᠷᠢᠳᠤᠭᠰᠠᠨ ᠭᠧᠷᠮᠠᠨ  ᠤ ᠨᠡᠶᠢᠬᠡᠮ ᠵᠢᠷᠦᠮ ᠤᠨ ᠠᠯᠳᠠᠷᠳᠤ ᠬᠤᠪᠢᠰᠬᠠᠯᠴᠢ᠂ ᠡᠪ ᠬᠠᠮᠳᠤ ᠶᠤᠰᠤᠨ ᠤ ᠭᠠᠷᠮᠠᠭᠠᠢ ᠪᠠᠶᠢᠯᠳᠤᠭᠴᠢ ᠺᠯᠠᠷᠠ ᠽᠧᠲᠺᠢᠨ ᠠᠴᠠ ᠵᠢᠯ ᠪᠦᠷᠢ ᠶᠢᠨ 3 ᠰᠠᠷ᠎ᠠ ᠶᠢᠨ 8 ᠤ ᠡᠳᠤᠷ ᠢ ᠪᠦᠬᠦ ᠳᠡᠯᠡᠬᠡᠢ ᠶᠢᠨ ᠡᠮᠡᠭᠳᠡᠶᠢᠴᠤᠳ ᠤᠨ ᠳᠡᠮᠡᠴᠡᠯ  ᠤᠨ ᠡᠳᠤᠷ ᠪᠤᠯᠭᠠᠬᠤ ᠪᠠᠷ ᠰᠠᠨᠠᠭᠠᠴᠢᠯᠠᠵᠤ᠂ ᠬᠤᠷᠠᠯ ᠳᠤ ᠤᠷᠤᠯᠴᠠᠭᠰᠠᠨ ᠲᠦᠯᠦᠬᠡᠯᠡᠭᠴᠢᠳ ᠤᠨ ᠬᠠᠮᠳᠤ ᠶᠢᠨ ᠬᠦᠷᠢᠶᠡᠯᠡᠯ ᠢ ᠤᠯᠤᠭᠰᠠᠨ ᠪᠠᠶᠢᠨ᠎ᠠ᠃       ᠳᠡᠬᠦᠨ ᠠᠴᠠ ᠬᠤᠶᠢᠰᠢ ︽3.8︾ ᠤ ᠡᠮᠡᠭᠳᠡᠶᠢᠴᠤᠳ ᠤᠨ ᠪᠠᠶᠠᠷ ᠨᠢ ᠳᠡᠯᠡᠬᠡᠢ ᠶᠢᠨ ᠡᠮᠡᠭᠳᠡᠶᠢᠴᠤᠳ ᠤᠨ ᠡᠷᠬᠡ ᠠᠰᠢᠭ ᠢᠶᠠᠨ ᠳᠡᠮᠡᠴᠡᠨ ᠤᠯᠬᠤ᠂ ᠴᠢᠯᠦᠬᠡᠯᠡᠯᠳᠡ ᠪᠠᠨ ᠳᠡᠮᠡᠴᠡᠨ ᠤᠯᠬᠤ ᠪᠠᠶᠠᠷ ᠤᠨ ᠡᠳᠤᠷ ᠪᠤᠯᠤᠭᠰᠠᠨ ᠪᠠᠶᠢᠨ᠎ᠠ᠃ 1911 ᠤᠨ ᠤ 3 ᠰᠠᠷ᠎ᠠ ᠶᠢᠨ 8 ᠤ ᠡᠳᠤᠷ ᠪᠤᠯ ᠠᠩᠬᠠᠳᠠᠭᠴᠢ ᠳᠡᠯᠡᠬᠡᠢ ᠶᠢᠨ ᠬᠦᠳᠡᠯᠮᠤᠷᠢᠴᠢᠨ ᠡᠮᠡᠭᠳᠡᠶᠢᠴᠤᠳ ᠤᠨ ᠪᠠᠶᠠᠷ ᠤᠨ ᠡᠳᠤᠷ ᠪᠤᠯᠤᠨ᠎ᠠ᠃ ᠮᠠᠨ ᠤ ᠤᠯᠤᠰ 1922 ᠤᠨ ᠠᠴᠠ ᠡᠬᠢᠯᠡᠨ ︽3.8︾ ᠤ ᠪᠠᠶᠠᠷ ᠢ ᠳᠤᠷᠠᠰᠬᠠᠪᠠ᠃ ᠳᠤᠮᠳᠠᠳᠤ ᠤᠯᠤᠰ ᠤᠨ ᠡᠮᠡᠭᠳᠡᠶᠢᠴᠤᠳ ᠤᠨ  ︽3.8︾ ᠤ ᠪᠠᠶᠠᠷ ᠢ ᠳᠤᠷᠠᠰᠬᠠᠬᠤ ᠠᠩᠬᠠᠳᠠᠭᠴᠢ ᠠᠵᠢᠯᠯᠠᠭ᠎ᠠ ᠪᠤᠯ 1924 ᠤᠨ ᠳᠤ ᠭᠤᠸᠠᠩᠵᠸᠤ ᠳᠤ ᠶᠠᠪᠤᠭᠳᠠᠭᠰᠠᠨ ᠶᠤᠮ᠃
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠦᠪ