ᠦᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠡᠤᠬᠡᠳ ᠪᠠᠭᠠᠴᠤᠳ ᠤᠨ ᠮᠠᠷᠢᠶᠠᠯᠠᠬᠤ ᠨᠤᠷᠮ᠎ᠠ | ᠲᠦᠷᠬᠡᠨ ᠢᠶᠠᠷ ᠳᠡᠬᠡᠭᠰᠢᠯᠡᠵᠤ᠂ ᠨᠢᠬᠡᠨᠳᠡ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠴᠢᠬᠤᠯᠠ ᠠᠰᠠᠭᠤᠳᠠᠯ ᠤᠨ | ᠨᠢᠬᠡ ᠪᠤᠯᠤᠭᠰᠠᠨ ᠪᠠᠶᠢᠨ᠎ᠠ᠃ ᠬᠡᠤᠬᠡᠳ ᠪᠠᠭᠠᠴᠤᠳ ᠤᠨ ᠮᠠᠷᠢᠶᠠᠯᠠᠬᠤ ᠨᠢ ᠭᠤᠤᠯᠳᠠᠭᠤ ᠢᠳᠡᠬᠡᠨ ᠤ ᠰᠢᠮ᠎ᠡ | ᠳᠡᠵᠢᠬᠡᠯ᠂ ᠪᠡᠶ᠎ᠡ ᠮᠠᠬᠠᠪᠤᠳ ᠤᠨ ᠬᠦᠳᠡᠯᠬᠡᠬᠡᠨ᠂ ᠤᠳᠤᠮᠰᠢᠯ ᠵᠡᠷᠬᠡ ᠡᠯᠧᠮᠧᠨ᠋ᠲ ᠲᠠᠢ ᠬᠤᠯᠪᠤᠭ᠎ᠠ ᠲᠠᠢ᠃ ᠡᠬᠦᠨ ᠳᠤ | ᠢᠳᠡᠬᠡᠨ ᠤ ᠰᠢᠮ᠎ᠡ ᠳᠡᠵᠢᠬᠡᠯ ᠪᠤᠯ ᠵᠠᠩᠬᠢᠯᠠᠭ᠎ᠠ ᠶᠢᠨ ᠡᠯᠧᠮᠧᠨ᠋ᠲ ᠪᠤᠯᠤᠨ᠎ᠠ᠃ | ᠢᠳᠡᠬᠡᠨ ᠤᠮᠳᠠᠭᠠᠨ ᠢᠶᠠᠨ ᠵᠦᠢ ᠵᠤᠬᠢᠰᠳᠠᠢ ᠳᠤᠬᠢᠷᠠᠭᠤᠯᠤᠨ᠎ᠠ | ᠡᠳᠤᠷ ᠪᠦᠷᠢ ᠶᠢᠨ ᠬᠤᠭᠤᠯᠠ ᠤᠮᠳᠠ ᠶᠢ ᠬᠡᠤᠬᠡᠳ ᠪᠠᠭᠠᠴᠤᠳ ᠤᠨ ᠦᠰᠦᠯᠳᠡ ᠪᠤᠶᠢᠵᠢᠯᠳᠡ ᠵᠢᠴᠢ ᠪᠡᠶ᠎ᠡ | ᠮᠠᠬᠠᠪᠤᠳ ᠤᠨ ᠬᠦᠳᠡᠯᠬᠡᠬᠡᠨ ᠤ ᠬᠢᠷᠢ ᠬᠡᠮᠵᠢᠶ᠎ᠡ ᠶᠢ ᠦᠨᠳᠤᠰᠤᠯᠡᠨ ᠵᠤᠬᠢᠰᠳᠠᠢ ᠳᠤᠬᠢᠷᠠᠭᠤᠯᠤᠨ᠎ᠠ᠃ ᠠᠳᠠᠯᠢ ᠪᠤᠰᠤ | ᠨᠠᠰᠤᠨ ᠤ ᠦᠶ᠎ᠡ ᠶᠢᠨ ᠬᠡᠪ ᠤᠨ ᠪᠡᠶ᠎ᠡ ᠶᠢᠨ ᠬᠦᠨᠳᠤ ᠲᠠᠢ ᠬᠡᠤᠬᠡᠳ ᠪᠠᠭᠠᠴᠤᠳ ᠤᠨ ᠡᠳᠤᠷ ᠪᠦᠷᠢ ᠶᠢᠨ ᠡᠯ᠎ᠡ ᠵᠦᠢᠯ | ᠤᠨ ᠢᠳᠡᠬᠡᠨ ᠢ ᠰᠢᠩᠬᠡᠬᠡᠨ ᠠᠪᠬᠤ ᠬᠡᠮᠵᠢᠶ᠎ᠡ ᠨᠢ ᠪᠦᠷ ᠠᠳᠠᠯᠢ ᠦᠬᠡᠢ ᠪᠠᠶᠢᠳᠠᠭ᠃ | ᠳᠤᠤᠷ᠎ᠠ ᠡᠨᠧᠷᠬᠢ ᠠᠭᠤᠯᠤᠭᠰᠠᠨ ᠢᠳᠡᠬᠡᠨ ᠢ ᠢᠯᠡᠬᠦᠬᠡᠨ ᠢᠳᠡᠨ᠎ᠡ | ᠬᠡᠤᠬᠡᠳ ᠪᠠᠭᠠᠴᠤᠳ ᠤᠨ ᠦᠰᠦᠯᠳᠡ ᠪᠤᠶᠢᠵᠢᠯᠳᠠ ᠶᠢᠨ ᠤᠨᠴᠠᠯᠢᠭ ᠪᠠ ᠢᠳᠡᠬᠡᠨ ᠤᠮᠳᠠᠭᠠᠨ ᠢ | ᠳᠡᠩᠴᠡᠬᠦᠷᠢᠳᠡᠢ ᠪᠠᠶᠢᠯᠭᠠᠬᠤ ᠵᠠᠷᠴᠢᠮ ᠢ ᠦᠨᠳᠤᠰᠤᠯᠡᠨ᠂ ᠢᠳᠡᠬᠡᠨ ᠤᠮᠳᠠᠭᠠᠨ ᠤ ᠤᠯᠠᠨ ᠶᠠᠩᠵᠤᠳᠤ ᠴᠢᠨᠠᠷ ᠢ | ᠪᠠᠳᠤᠯᠠᠵᠤ᠂ ᠡᠨᠧᠷᠬᠢ ᠪᠠᠷ ᠨᠡᠯᠢᠶᠡᠳ ᠳᠤᠤᠷ᠎ᠠ᠂ ᠪᠢᠴᠢᠯ ᠰᠢᠮ᠎ᠡ ᠳᠡᠵᠢᠬᠡᠯ ᠤᠨ ᠡᠳ᠋ ᠤᠨ ᠨᠢᠠᠠᠳᠠᠴᠠ ᠪᠠᠷ ᠨᠡᠯᠢᠶᠡᠳ | ᠦᠨᠳᠤᠷ᠂ ᠴᠢᠰᠤᠨ ᠰᠢᠬᠢᠷ ᠡᠬᠦᠰᠬᠦ ᠵᠢᠭᠠᠯᠳᠠ ᠳᠤᠭ᠎ᠠ ᠪᠠᠷ ᠨᠡᠯᠢᠶᠡᠳ ᠳᠤᠤᠷ᠎ᠠ ᠢᠳᠡᠬᠡᠨ ᠢ ᠤᠷᠢᠳ ᠢᠶᠠᠷ | ᠰᠤᠩᠭᠤᠨ᠎ᠠ᠃ | | |