| | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ 4 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠲᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠸᠠᠩ ᠲᠢᠩ ᠬᠤᠢ ᠲᠠᠢ ᠠᠭᠤᠯᠵᠠᠪᠠ᠃ | | | | | 4 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠲᠨᠠᠮ ᠤᠨ | ᠤᠯᠤᠰ ᠤᠨ ᠬᠤᠷᠠᠯ ᠤᠨ ᠲᠡᠷᠢᠭᠦᠯᠡᠭᠴᠢ ᠸᠠᠩ ᠲᠢᠩ ᠬᠤᠢ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ | ᠰᠢ ᠶᠢᠨ ᠫᠢᠩ ᠸᠠᠩ ᠲᠢᠩ ᠬᠤᠢ ᠪᠠᠷ ᠳᠠᠮᠵᠢᠭᠤᠯᠤᠨ ᠶᠡᠷᠦᠩᠬᠡᠢ ᠱᠦᠵᠢ ᠷᠤᠸᠠᠨ ᠹᠦ᠋ ᠵᠦᠩ ᠳᠤ ᠳᠣᠲᠣᠨᠣ ᠮᠡᠨᠳᠦᠴᠢᠯᠡᠯ ᠳᠡᠪᠰᠢᠭᠦᠯᠪᠡ᠃ ᠰᠢ ᠶᠢᠨ ᠫᠢᠩ᠂ | ᠨᠢᠳᠤᠨᠤᠨ ᠵᠢᠯ ᠤᠨ ᠰᠡᠭᠦᠯᠴᠢ ᠪᠠᠷ ᠪᠢ ᠸᠢᠶᠧᠲᠨᠠᠮ ᠳᠤ ᠠᠶᠢᠯᠴᠢᠯᠠᠯᠲᠠ ᠬᠢᠬᠦ ᠬᠤᠭᠤᠴᠠᠭᠠᠨ ᠳᠤ᠂ ᠶᠡᠷᠦᠩᠬᠡᠢ ᠱᠦᠵᠢ ᠷᠤᠸᠠᠨ ᠹᠦ᠋ ᠵᠦᠩ ᠲᠠᠢ ᠬᠠᠮᠲᠤ ᠪᠠᠷ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠨᠡᠶᠢᠲᠡᠯᠡᠵᠦ᠂ | ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠮᠢᠨᠤ ᠶᠡᠷᠦᠩᠬᠡᠢ ᠱᠦᠵᠢ | ᠷᠤᠸᠠᠨ ᠹᠦ᠋ ᠵᠦᠩ ᠯᠦᠭᠡ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠠᠭ ᠨᠠᠶᠢᠳᠠᠪᠤᠷᠢᠵᠢᠭᠤᠯᠤᠭᠳᠠᠵᠤ ᠪᠠᠶᠢᠨ᠎ᠠ᠃ ᠵᠣᠷᠢᠭ ᠨᠢᠭᠡ ᠵᠣᠷᠢᠯᠲᠠ ᠠᠳᠠᠯᠢ᠂ ᠬᠤᠪᠢ | ᠵᠠᠶᠠᠭ᠎ᠠ ᠨᠢᠭᠡᠲᠡᠢ ᠪᠠᠶᠢᠬᠤ ᠪᠣᠯ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠣᠯᠣᠨ᠎ᠠ᠂ ︽ᠨᠥᠬᠦᠷ ᠪᠥᠭᠡᠳ ᠠᠬ᠎ᠠ | ᠳᠡᠭᠦᠦ︾ ᠪᠣᠯ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠤᠨ ᠬᠠᠮᠤᠭ ᠤᠨ ᠠᠮᠢᠳᠤᠯᠢᠭ ᠵᠢᠷᠤᠭᠯᠠᠯ ᠮᠥᠨ᠃ ᠬᠤᠶᠠᠷ | ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠤᠯᠠᠨ ᠦᠷ᠎ᠡ | ᠪᠦᠲᠦᠭᠡᠯ ᠣᠯᠬᠤ ᠶᠢ ᠠᠬᠢᠭᠤᠯᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠶᠢᠨ ᠬᠠᠮᠲᠤ ᠳᠡᠯᠡᠬᠡᠢ ᠶᠢᠨ ᠨᠡᠶᠢᠭᠡᠮ ᠵᠢᠷᠤᠮ ᠤᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠭᠦᠨᠵᠡᠭᠡᠢ ᠪᠤᠳᠤᠯᠢᠶᠠᠨᠲᠠᠢ ᠬᠤᠪᠢᠷᠠᠯᠲᠠ ᠭᠠᠷᠴᠤ ᠪᠤᠢ᠂ ᠨᠡᠶᠢᠭᠡᠮ | ᠵᠢᠷᠤᠮ ᠤᠨ ᠪᠠᠶᠢᠭᠤᠯᠤᠯ ᠢ ᠬᠠᠮᠠᠭᠠᠯᠠᠵᠤ᠂ ᠤᠯᠤᠰ ᠤᠨ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ ᠪᠣᠯ ᠳᠤᠮᠳᠠᠳᠤ ᠸᠢᠶᠧᠲᠨᠠᠮ ᠬᠤᠶᠠᠷ ᠲᠠᠯ᠎ᠠ ᠶᠢᠨ ᠬᠠᠮᠲᠤ ᠶᠢᠨ | ᠠᠰᠢᠭ ᠲᠤᠰᠠ ᠪᠣᠯᠣᠨ᠎ᠠ᠃ ᠬᠤᠶᠠᠷ ᠲᠠᠯ᠎ᠠ ᠪᠠᠷ ᠢᠶᠠᠨ ᠥᠨᠳᠥᠷ ᠲᠦᠪᠰᠢᠨ ᠪᠦᠬᠦᠢ ᠢᠲᠡᠭᠡᠯᠴᠡᠭᠡ ᠪᠠᠷ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠴᠢᠨᠠᠷ ᠰᠠᠶᠢᠲᠠᠢ ᠬᠠᠮᠲᠤᠷᠠᠯᠴᠠᠭ᠎ᠠ ᠪᠠᠷ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠶᠤᠨ ᠤᠬᠠᠭᠠᠨ ᠢᠶᠠᠷ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠨ ᠬᠢᠨ ᠲᠠᠢ ᠨᠠᠮ ᠢ ᠵᠠᠰᠠᠵᠤ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠢᠶᠧᠲᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ | ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠰᠠᠨᠠᠭᠠᠴᠢᠯᠠᠭ᠎ᠠ ᠪᠣᠯᠣᠨ ︽ᠬᠤᠶᠠᠷ ᠬᠤᠩᠭᠢᠯ ᠨᠢᠭᠡ ᠲᠣᠭᠤᠷᠢᠭ︾ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠲᠦᠷᠭᠡᠳᠬᠡᠨ ᠠᠬᠢᠭᠤᠯᠵᠤ᠂ | ᠵᠠᠯᠠᠭᠤᠴᠤᠳ᠂ ᠨᠥᠭᠦᠷᠰᠡᠭ ᠬᠤᠳᠠ ᠵᠡᠷᠭᠡ ᠠᠷᠭ᠎ᠠ ᠵᠠᠮ ᠤᠨ ᠰᠣᠯᠢᠯᠴᠠᠭ᠎ᠠ ᠶᠢ ᠪᠠᠶᠠᠯᠢᠭᠵᠢᠭᠤᠯᠤᠨ᠎ᠠ᠃ ᠬᠤᠶᠠᠷ ᠲᠠᠯ᠎ᠠ ᠶᠢᠨ ᠬᠠᠤᠯᠢ ᠲᠣᠭᠲᠠᠭᠠᠬᠤ ᠪᠠᠶᠢᠭᠤᠯᠤᠮᠵᠢ᠂ | ᠡᠯ᠎ᠡ ᠲᠡᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠤᠯᠢ ᠲᠣᠭᠲᠠᠭᠠᠬᠤ ᠬᠢᠨᠠᠯᠲᠠ ᠲᠠᠯᠪᠢᠬᠤ ᠲᠤᠷᠰᠢᠯᠭ᠎ᠠ ᠵᠡᠷᠭᠡ ᠲᠠᠯ᠎ᠠ ᠪᠠᠷ | ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠭᠢ ᠨᠥᠬᠦᠷᠯᠡᠯ ᠢ ᠵᠤᠵᠠᠭᠠᠳᠬᠠᠬᠤ ᠳᠤ | ᠴᠢᠬᠤᠯᠠ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠸᠠᠩ ᠲᠢᠩ ᠬᠤᠢ ᠶᠡᠷᠦᠩᠬᠡᠢ ᠱᠦᠵᠢ ᠷᠤᠸᠠᠨ ᠹᠦ᠋ ᠵᠦᠩ ᠤᠨ ᠶᠡᠷᠦᠩᠬᠡᠢ ᠱᠦᠵᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠪᠣᠯᠣᠨ ᠰᠠᠶᠢᠨ | ᠰᠠᠶᠢᠬᠠᠨ ᠵᠥᠩᠨᠡᠯ ᠢ ᠳᠠᠮᠵᠢᠭᠤᠯᠪᠠ᠃ ᠳᠡᠷᠡ᠂ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ᠂ ᠸᠢᠶᠧᠲᠨᠠᠮ ᠤᠨ ᠨᠠᠮ ᠪᠠ ᠵᠠᠰᠠᠭ ᠤᠨ ᠣᠷᠳᠣᠨ | ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠶᠢ ᠴᠢᠩ ᠰᠡᠳᠬᠢᠯ ᠠᠴᠠ ᠪᠠᠨ ᠪᠢᠰᠢᠷᠡᠵᠦ ᠪᠠᠶᠢᠨ᠎ᠠ᠃ ᠡᠨᠡ ᠵᠢᠯ ᠤᠨ ᠳᠤᠮᠳᠠᠳᠤ ᠤᠯᠤᠰ ᠤᠨ ᠬᠤᠶᠠᠷ ᠬᠤᠷᠠᠯ ᠠᠴᠠ ᠲᠣᠭᠲᠠᠭᠠᠭᠰᠠᠨ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠵᠡᠷᠭᠡ ᠬᠠᠷᠠᠯᠲᠠ ᠪᠣᠯ ᠨᠡᠶᠢᠭᠡᠮ ᠵᠢᠷᠤᠮ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠶᠢᠵᠤ᠂ | ᠸᠢᠶᠧᠲᠨᠠᠮ ᠳᠤ ᠠᠰᠢᠭᠲᠠᠢ ᠯᠠᠪᠯᠠᠯᠲᠠ ᠬᠠᠩᠭᠠᠪᠠ᠃ ᠳᠤᠮᠳᠠᠳᠤ ᠤᠯᠤᠰ ᠯᠠᠪᠲᠠᠢ ᠲᠣᠭᠲᠠᠭᠰᠠᠨ ᠬᠤᠭᠤᠴᠠᠭᠠᠨ ᠳᠠᠭᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ | ᠬᠤᠪᠢ ᠨᠡᠮᠡᠷᠢ ᠦᠵᠡᠭᠦᠯᠭᠦ ᠶᠢ ᠢᠲᠡᠭᠡᠵᠦ ᠪᠠᠶᠢᠨ᠎ᠠ᠃ ᠸᠢᠶᠧᠲᠨᠠᠮ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠲᠠᠶᠢᠸᠠᠨ | ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠂ ᠰᠢᠶᠠᠩᠭᠠᠩ᠂ ᠰᠢᠨᠵᠢᠶᠠᠩ᠂ ᠲᠥᠪᠡᠳ ᠤᠨ ᠬᠡᠷᠡᠭ ᠶᠠᠪᠤᠳᠠᠯ ᠪᠣᠯ ᠴᠥᠮ ᠳᠤᠮᠳᠠᠳᠤ | ᠤᠯᠤᠰ ᠤᠨ ᠳᠣᠲᠣᠭᠠᠳᠤ ᠶᠠᠪᠤᠳᠠᠯ ᠮᠥᠨ᠂ ᠳᠤᠮᠳᠠᠳᠤ ᠤᠯᠤᠰ ᠯᠠᠪᠲᠠᠢ ᠤᠷᠳᠤ ᠬᠤᠭᠤᠴᠠᠭᠠᠨ ᠤ ᠲᠣᠭᠲᠠᠭᠤᠨ ᠴᠡᠴᠡᠭᠯᠡᠯ ᠬᠥᠭᠵᠢᠯ ᠢᠶᠠᠨ ᠪᠠᠲᠤᠯᠠᠨ᠎ᠠ ᠭᠡᠵᠦ | ᠦᠵᠡᠵᠦ ᠪᠠᠶᠢᠨ᠎ᠠ᠃ ᠸᠢᠶᠧᠲᠨᠠᠮ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠳᠤᠮᠳᠠᠳᠤ | ᠤᠯᠤᠰ ᠢ ᠸᠢᠶᠧᠲᠨᠠᠮ ᠤᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠤᠯᠭᠠᠵᠤ᠂ ᠶᠡᠷᠦᠩᠬᠡᠢ ᠱᠦᠵᠢ ᠷᠤᠸᠠᠨ ᠹᠦ᠋ | ᠵᠥᠩ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠣᠭᠲᠠᠭᠠᠭᠰᠠᠨ ︽ᠵᠢᠷᠭᠤᠭᠠᠨ ᠨᠠᠩ ᠢᠯᠡᠭᠦᠦ︾ ᠶᠢᠨ ᠬᠠᠷᠠᠯᠲᠠ ᠶᠣᠰᠣᠭᠠᠷ᠂ ᠳᠤᠮᠳᠠᠳᠤ ᠶᠢᠨ ᠲᠠᠯ᠎ᠠ ᠲᠠᠢ | ᠡᠯ᠎ᠡ ᠲᠠᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠤᠯᠤᠰ ᠲᠥᠷᠥ ᠶᠢᠨ ᠢᠲᠡᠭᠡᠯᠴᠡᠭᠡ ᠪᠠᠨ | ᠦᠷᠭᠦᠯᠵᠢᠯᠡᠨ ᠪᠠᠬᠢᠵᠢᠭᠦᠯᠵᠦ᠂ ︽ᠬᠤᠶᠠᠷ ᠬᠤᠩᠭᠢᠯ ᠨᠢᠭᠡ ᠲᠣᠭᠤᠷᠢᠭ︾ ᠪᠣᠯᠣᠨ ︽ᠨᠢᠭᠡ ᠪᠦᠰᠡ ᠨᠢᠭᠡ ᠵᠠᠮ︾ ᠤᠨ ᠵᠣᠯᠭᠠᠯᠴᠠᠭ᠎ᠠ ᠶᠢ ᠢᠳᠡᠪᠬᠢᠲᠡᠢ | ᠠᠬᠢᠭᠤᠯᠤᠨ᠎ᠠ᠃ ᠸᠢᠶᠧᠲᠨᠠᠮ ᠤᠨ ᠤᠯᠤᠰ ᠤᠨ ᠬᠤᠷᠠᠯ ᠳᠤᠷᠠᠲᠠᠶ᠎ᠠ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠯᠤᠭ᠎ᠠ ᠨᠢᠭᠲᠠ ᠶᠠᠪᠤᠯᠴᠠᠭ᠎ᠠ ᠰᠣᠯᠢᠯᠴᠠᠭ᠎ᠠ ᠪᠠᠨ ᠪᠠᠲᠤᠯᠠᠵᠤ᠂ ᠬᠤᠶᠠᠷ ᠤᠯᠤᠰ ᠤᠨ ᠠᠷᠠᠳ ᠤᠨ ᠬᠤᠭᠤᠷᠣᠨᠳᠣᠭᠢ ᠨᠥᠬᠦᠷᠯᠡᠯ ᠢ ᠪᠠᠬᠢᠵᠢᠭᠦᠯᠬᠦ᠂ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠲᠠᠢ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠢᠳᠡᠪᠬᠢᠲᠡᠢ | ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃ | ᠸᠠᠩ ᠢ᠂ ᠸᠠᠩ ᠳ᠋ᠦᠩ ᠮᠢᠩ ᠠᠭᠤᠯᠵᠠᠯᠲᠠ ᠳᠤ ᠣᠷᠣᠯᠴᠠᠵᠠᠢ᠃ | |