ᠲᠤᠭᠤᠷᠢᠭ ᠤᠨ ᠨᠠᠮ ᠤᠨ ᠬᠤᠷᠢᠶ᠎ᠠ ᠱᠦᠵᠢ ᠶᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠰᠢᠨ᠎ᠡ ᠡᠨᠧᠷᠭᠢ ᠶᠢᠨ ᠣᠶᠤᠨᠲᠤ ᠡᠬᠡ ᠬᠠᠭᠤᠷᠠᠢ ᠶᠢᠨ ᠭᠠᠷᠠᠮ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠵᠡᠷᠭᠡ ᠪᠠᠶᠢᠳᠠᠯ ᠤᠨ ᠲᠤᠬᠠᠢ ᠮᠡᠳᠡᠬᠦᠯᠦᠯᠳᠠ ᠶᠢ ᠰᠣᠨᠣᠰᠪᠠ
ᠨᠡᠶᠢᠲᠡᠯᠡᠭᠰᠡᠨ ᠴᠠᠭ᠄
2024/4/10
    4 ᠰᠠᠷ᠎ᠠ ᠶᠢᠨ 7 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠣᠶᠤᠨᠲᠤ ᠡᠬᠡ ᠬᠠᠭᠤᠷᠠᠢ ᠶᠢᠨ ᠭᠠᠷᠠᠮ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠵᠡᠷᠭᠡ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠠᠢ᠃     ᠭᠤᠸ ᠢ ᠳ᠋ᠦᠩ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠰᠢᠨ᠎ᠡ ᠡᠨᠧᠷᠭᠢ ᠶᠢᠨ ᠡᠬᠡ ᠬᠠᠭᠤᠷᠠᠢ ᠶᠢᠨ ᠭᠠᠷᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠢᠯᠡ ᠲᠣᠳᠣ ᠤᠳᠤᠷᠢᠳᠤᠮᠵᠢ ᠶᠢ ᠴᠢᠩᠭᠠᠳᠬᠠᠨ᠂ ᠲᠥᠷᠥᠯ ᠵᠦᠢᠯ ᠢ ᠠᠬᠢᠭᠤᠯᠬᠤ ᠪᠡᠷᠬᠡ ᠠᠰᠠᠭᠤᠳᠠᠯ ᠢ ᠵᠤᠷᠪᠤᠰ ᠳᠠᠷᠠᠭᠠᠯᠠᠨ ᠡᠮᠬᠢᠯᠡᠨ ᠳᠢᠭᠯᠡᠵᠦ᠂ ᠬᠦᠴᠦᠨ ᠵᠦᠢᠯ ᠤᠨ ᠪᠠᠲᠤᠯᠠᠭ᠎ᠠ ᠶᠢᠨ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ   ᠲᠤᠭᠳᠠᠯᠴᠠᠭ᠎ᠠ ᠶᠢ ᠲᠦᠷᠭᠡᠨ ᠪᠠᠶᠢᠭᠤᠯᠵᠤ᠂ ᠦᠵᠦᠬᠦᠷ ᠲᠥᠯᠥᠪᠯᠡᠭᠡ ᠶᠢ ᠴᠢᠩᠭᠠᠳᠬᠠᠨ᠂ ᠪᠦᠬᠦ ᠲᠠᠯ᠎ᠠ ᠪᠠᠷ ᠲᠥᠯᠥᠪᠵᠢᠭᠦᠯᠵᠦ᠂ ᠪᠦᠷᠬᠦᠴᠡ ᠪᠠᠷ ᠥᠷᠭᠡᠨ᠂ ᠬᠡᠪᠴᠢᠶ᠎ᠡ ᠨᠢ ᠵᠣᠬᠢᠰᠲᠠᠢ᠂ ᠪᠦᠲᠦᠴᠡ ᠪᠠᠷ  ᠵᠤᠬᠢᠮᠵᠢᠳᠠᠢ᠂ ᠴᠢᠳᠠᠮᠵᠢ ᠨᠢ ᠪᠦᠷᠢᠨ ᠲᠡᠭᠦᠯᠳᠡᠷ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠲᠣᠣᠷ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠬᠡᠵᠡᠢ᠃     ᠭᠤᠸ ᠢ ᠳ᠋ᠦᠩ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠨᠢ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠠᠢ ᠬᠤᠯᠪᠤᠭᠳᠠᠨ᠎ᠠ᠃ ᠤᠳᠤᠷᠢᠳᠤᠯᠭ᠎ᠠ ᠶᠢᠨ ᠬᠡᠷᠡᠭ ᠢ ᠳᠠᠭᠠᠭᠠᠴᠢᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠱᠠᠲᠤ ᠲᠡᠰ ᠬᠤᠪᠢᠶᠠᠨ ᠲᠣᠬᠢᠷᠠᠭᠤᠯᠬᠤ ᠶᠢ ᠴᠢᠩᠭᠠᠳᠬᠠᠵᠤ᠂ ᠠᠰᠠᠭᠤᠳᠠᠯ ᠤᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠠᠳᠠᠯᠢ ᠪᠤᠰᠤ ᠠᠰᠠᠭᠤᠳᠠᠯ ᠤᠨ ᠲᠦᠷᠦᠯ ᠬᠡᠯᠪᠡᠷᠢ ᠶᠢ ᠦᠨᠳᠦᠰᠦᠯᠡᠨ᠂ ᠠᠷᠭ᠎ᠠ ᠬᠡᠮᠵᠢᠶ᠎ᠡ ᠶᠢ ᠰᠤᠳᠤᠯᠵᠤ᠂ ᠨᠢᠭᠡᠳ ᠨᠢᠭᠡ ᠪᠠᠷ ᠢᠯᠭᠠᠷᠠᠭᠤᠯᠤᠨ ᠰᠢᠢᠳᠪᠦᠷᠢᠯᠡᠬᠦ ᠬᠡᠷᠡᠭᠲᠡᠢ᠃ ᠬᠠᠤᠯᠢ ᠴᠠᠭᠠᠵᠠ ᠶᠢᠨ  ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠯᠠᠪᠳᠠᠭᠤᠨ ᠢᠶᠠᠷ ᠠᠬᠢᠭᠤᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠠᠬᠢᠭᠤᠯᠬᠤ ᠬᠡᠷᠡᠭᠲᠡᠢ ᠬᠡᠵᠡᠢ᠃     ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠤ ᠮᠢᠩ᠂ ᠳ᠋ᠦ᠋ ᠵᠢᠢ ᠺᠤᠸᠠᠨ᠂ ᠵᠠᠩ ᠪᠢᠩ᠂ ᠸᠠᠩ ᡁᠢ᠂ ᠵᠠᠩ ᠵᠢᠶᠠᠨ ᠭᠦᠩ ᠬᠤᠷᠠᠯ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ