ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 91 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ 91 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠪᠠ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ︽ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ︾ ᠬᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠣᠳᠠᠲᠠᠢ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠬᠦ ᠪᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ 3 ᠰᠠᠷ᠎ᠠ ᠶᠢᠨ 29 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠬᠦᠴᠦᠲᠡᠶ ᠭᠠᠷᠳᠠᠴᠠ ᠪᠣᠯᠭᠠᠵᠤ᠂ ᠲᠦᠷᠢᠮ ᠲᠣᠭᠲᠠᠴᠠ ᠶᠢ ᠪᠦᠷᠢᠨᠰᠢᠬᠦᠯᠤᠨ᠂ ᠥᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠠᠬᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠰᠢᠯᠢᠳᠡᠭ ᠰᠤᠷᠲᠠᠯ ᠢᠶᠠᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠳ᠋ᠦᠩᠱᠧᠩ ᠲᠣᠭᠤᠷᠢᠭ ᠤᠨ 2024 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠥᠯᠥᠪᠯᠡᠭᠡ ᠪᠣᠯᠤᠨ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠤᠶᠢᠯᠡᠴᠢᠯᠡᠨ᠂ ᠠᠷᠠᠳᠴᠢᠯᠠᠯ ᠢᠶᠠᠷ ᠵᠥᠪᠯᠡᠬᠦ ᠶᠢ ᠥᠨᠳᠥᠷ ᠲᠦᠪᠰᠢᠨ ᠢᠶᠠᠷ ᠥᠷᠨᠢᠭᠦᠯᠵᠦ᠂ ᠬᠢᠨᠠᠯᠲᠠ ᠳᠠᠯᠪᠢᠵᠤ ᠬᠠᠮᠵᠢᠯᠴᠠᠬᠤ ᠶᠢ ᠬᠦᠨᠵᠡᠭᠡᠶᠢᠷᠡᠬᠦᠯᠦᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠭᠦᠨᠵᠡᠭᠡᠢ ᠪᠣᠳᠠᠲᠠᠢ ᠬᠢᠵᠦ᠂ ᠡᠭᠦᠷᠭᠡ ᠴᠢᠳᠠᠪᠬᠢ ᠪᠠᠨ ᠦᠷᠭᠦᠯᠵᠢᠯᠡᠨ ᠥᠷᠭᠡᠳᠬᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ ᠤᠨ ᠳᠠᠪᠠᠭᠤᠯᠢᠭ ᠢ ᠦᠨᠡᠨᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠳ᠋ᠦᠩᠱᠧᠩ ᠲᠣᠭᠤᠷᠢᠭ ᠤᠨ 2024 ᠣᠨ ᠤ ᠳᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠠᠷᠠᠳᠴᠢᠯᠠᠭᠰᠠᠨ ᠨᠠᠮ ᠪᠦᠯᠦᠭ ᠤᠨ ᠤᠯᠤᠰ ᠲᠦᠷᠦ ᠶᠢᠨ ᠵᠦᠪᠯᠡᠯᠬᠡᠨ ᠤ ᠲᠥᠯᠥᠪᠯᠡᠭᠡ︾ ᠶᠢ ᠰᠤᠳᠤᠯᠤᠨ ᠬᠢᠨᠠᠨ ᠵᠥᠪᠯᠡᠵᠦ᠂ ᠳᠤᠮᠳᠠᠳᠤ ᠤᠯᠤᠰ ᠤᠨ ᠡᠪ ᠬᠠᠮᠳᠤ ᠨᠠᠮ ᠪᠤᠯᠤᠨ ᠠᠷᠠᠳᠴᠢᠯᠠᠭᠰᠠᠨ ᠨᠠᠮ ᠪᠦᠯᠦᠭ ᠤᠨ ᠤᠯᠤᠰ ᠲᠦᠷᠦ ᠶᠢᠨ ᠵᠦᠪᠯᠡᠯᠭᠡᠨ ᠤ ᠲᠥᠯᠥᠪᠯᠡᠭᠡ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠷᠢᠰ ᠵᠥᠪᠯᠡᠯᠭᠡ ᠬᠢᠵᠦ ᠵᠠᠷᠯᠠᠨ ᠮᠡᠳᠡᠭᠳᠡᠬᠦ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠨᠠᠮ ᠤᠨ ᠭᠠᠳᠠᠨᠠᠬᠢ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠭᠤᠯᠤᠨ ᠠᠷᠭ᠎ᠠ ᠤᠬᠠᠭᠠᠨ ᠭᠠᠷᠭᠠᠯᠭᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ