ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠵᠢᠷᠭᠤᠳᠤᠭᠠᠷ ᠤᠳᠠᠭᠠᠨ ᠤ ᠬᠤᠷᠠᠯ ᠵᠢᠴᠢ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠵᠢᠷᠭᠤᠳᠤᠭᠠᠷ ᠤᠳᠠᠭᠠᠨ ᠤ ᠬᠤᠷᠠᠯ ᠵᠢᠴᠢ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠬᠢᠯᠡᠪᠡ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ︽ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠳ᠋ᠦᠩᠱᠧᠩ ᠲᠣᠭᠤᠷᠢᠭ ᠤᠨ ᠪᠣᠳᠠᠲᠤ ᠪᠠᠶᠢᠳᠠᠯ ᠲᠠᠢ ᠦᠨᠡᠨ ᠬᠦ ᠤᠶᠠᠯᠳᠤᠭᠤᠯᠤᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠲᠤᠤᠱᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠰᠤᠷᠤᠯᠴᠠᠵᠤ ᠰᠤᠳᠤᠯᠤᠨ ᠶᠠᠷᠢᠯᠴᠠᠬᠤ᠂ ᠨᠠᠮ ᠤᠨ ᠰᠠᠬᠢᠯᠭ᠎ᠠ ᠪᠠᠲᠤ ᠶᠢᠨ ᠬᠢᠴᠢᠶᠡᠯ ᠤᠷᠤᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠠᠮᠵᠢᠯᠳᠠ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠂ ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠨ᠂ ᠰᠢᠨ᠎ᠡ ᠴᠢᠨᠠᠷ ᠳᠡᠰᠳᠤ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠳᠦᠷᠭᠡᠳᠬᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠵᠦ᠂ ᠡᠯ᠎ᠡ ᠬᠦᠷᠢᠶ᠎ᠡ ᠴᠠᠷᠠᠨ ᠤ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠳ᠋ᠦᠩᠱᠧᠩ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ