ᠳ᠋ᠦᠩᠱᠧᠩ ᠲᠤᠭᠤᠷᠢᠭ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃     ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ︽ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠲᠤᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠳ᠋ᠦᠡᠭᠱᠸᠡᠭ ᠲᠤᠭᠤᠷᠢᠭ ᠤᠨ ᠨᠠᠮ ᠤᠨ ᠰᠠᠭᠢᠯᠭ᠎ᠠ ᠪᠠᠲᠦ ᠶᠢᠨ ᠰᠤᠷᠤᠯᠴᠠᠯᠭ᠎ᠠ ᠭᠦᠮᠦᠵᠢᠯ ᠤᠨ ᠬᠠᠮᠢᠶ᠎ᠠ ᠪᠦᠭᠦᠢ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠠᠨᠢᠯᠲᠠ ᠪᠠᠨ ᠭᠦᠨᠵᠡᠭᠡᠶᠢᠷᠡᠭᠦᠯᠵᠦ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠰᠠᠬᠢᠯᠭ᠎ᠠ ᠪᠠᠲᠤ ᠶᠢ ᠰᠤᠷᠤᠯᠴᠠᠬᠤ ᠠᠴᠠ ᠭᠠᠷᠳᠠᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠰᠠᠭᠤᠷᠢ ᠶᠢ ᠪᠠᠬᠢᠵᠢᠬᠦᠯᠦᠨ᠂ ᠰᠠᠬᠢᠯᠭ᠎ᠠ ᠪᠠᠲᠤ ᠬᠠᠤᠯᠢ ᠳᠦᠷᠢᠮ ᠲᠣᠭᠲᠠᠭᠠᠯ ᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠤᠶᠢᠯᠡᠳᠦᠯᠬᠡᠵᠢᠬᠦᠯᠦᠨ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ᠂ ᠶᠣᠰᠣ ᠳᠦᠷᠢᠮ ᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠦᠨᠡᠨ ᠬᠦ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠭᠤᠣᠯᠳᠠᠯᠭ᠎ᠠ ᠶᠢ ᠣᠨᠣᠪᠴᠢᠲᠠᠢ ᠡᠵᠡᠮᠳᠡᠨ᠂ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠲᠠᠯ᠎ᠠ ᠪᠠᠷ ᠭᠤᠶᠢᠪᠢᠰᠢ ᠦᠭᠡᠢ ᠬᠦᠴᠦᠯᠡᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠨ ᠲᠤᠤᠱᠯᠠᠭᠤᠯᠬᠤ ᠳᠤ ᠬᠦᠴᠦ ᠳᠠᠯᠪᠢᠬᠤ ᠲᠠᠯ᠎ᠠ  ᠪᠠᠷ ᠦᠷ᠎ᠡ ᠪᠦᠲᠦᠮᠵᠢ ᠭᠠᠷᠭᠠᠨ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠬᠤ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ ᠲᠠᠶᠢᠯᠤᠮᠵᠢ ᠪᠠ ᠪᠣᠯᠪᠠᠰᠤᠷᠠᠯ ᠢ ᠴᠢᠩᠭᠠᠳᠬᠠᠬᠤ ᠲᠠᠯ᠎ᠠ ᠪᠠᠷ ᠬᠦᠴᠦ ᠤᠷᠤᠭᠤᠯᠤᠨ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠰᠡᠳᠬᠢᠯ ᠵᠢᠷᠦᠬᠡᠨ ᠳᠤ ᠬᠠᠳᠠᠩᠰᠢᠭᠤᠯᠬᠤ ᠶᠢ ᠪᠡᠶᠡᠯᠡᠭᠦᠯᠬᠦ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠶᠢ ᠤᠯᠠᠮ ᠴᠢᠨᠠᠭᠰᠢᠳᠠ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠦᠴᠦᠯᠡᠨ ᠪᠣᠳᠠᠲᠠᠢ ᠠᠳᠬᠤᠵᠤ᠂ ᠤᠯᠠᠨ ᠵᠦᠢᠯ ᠤᠨ ᠬᠡᠯᠪᠡᠷᠢ ᠪᠠᠷ ︽ᠲᠦᠷᠢᠮ︾ ᠤᠨ ᠤᠬᠠᠭᠤᠯᠭ᠎ᠠ ᠬᠥᠮᠦᠵᠢᠯ ᠪᠣᠯᠤᠨ ᠲᠠᠶᠢᠯᠤᠮᠵᠢ ᠬᠢᠬᠦ ᠪᠣᠯᠪᠠᠰᠤᠷᠠᠯ ᠢ ᠦᠷᠨᠢᠬᠦᠯᠦᠨ᠂ ᠪᠦᠬᠦ ᠲᠤᠭᠤᠷᠢᠭ ᠤᠨ ᠪᠦᠬᠦ ᠨᠠᠮ ᠤᠨ ᠭᠡᠰᠢᠭᠦᠨ ᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠨ ᠶᠠᠷᠢᠯᠴᠠᠵᠤ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ ᠢ ᠦᠳᠲᠡᠷ ᠲᠦᠷᠭᠡᠨ ᠰᠤᠳᠤᠯᠤᠨ ᠲᠣᠭᠲᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠪᠥᠭᠡᠳ ᠪᠦᠬᠦᠨ ᠢ ᠪᠦᠷᠬᠦᠭᠦᠯᠬᠦ ᠶᠢ ᠠᠬᠢᠭᠤᠯᠵᠤ᠂ ᠴᠢᠨᠠᠷ ᠰᠠᠶᠢᠳᠠᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠳ᠋ᠦᠩᠱᠧᠩ ᠤᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ