ᠳ᠋ᠦᠩᠱᠧᠩ ᠨᠠᠰᠤᠳᠠᠶᠢᠴᠤᠳ ᠤᠨ ᠬᠤᠭᠤᠯᠠ ᠤᠮᠳᠠ ᠳᠤ ᠳᠤᠰᠠᠯᠠᠬᠤ ᠤᠶᠢᠯᠡᠴᠢᠯᠡᠭᠡ ᠶᠢ ᠢᠳᠡᠪᠬᠢᠳᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/16
     ᠳ᠋ᠦᠩᠱᠧᠩ ᠲᠤᠭᠤᠷᠢᠭ ᠤᠨ ᠨᠡᠶᠢᠬᠡᠮ ᠲᠤᠭᠤᠷᠢᠭ ᠤᠳ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠠᠷᠢᠶ᠎ᠠ ᠲᠤᠭᠤᠷᠢᠭ  ᠤᠨ ᠨᠠᠰᠤᠲᠠᠶᠢᠴᠤᠳ ᠵᠢᠴᠢ ᠬᠦᠴᠢᠷᠳᠡᠯᠲᠡᠢ ᠬᠥᠮᠥᠰ ᠤᠨ ᠬᠤᠭᠤᠯᠠ ᠪᠤᠳᠠᠭ᠎ᠠ ᠢᠳᠡᠬᠦ ᠳᠤ ᠬᠦᠴᠢᠷ ᠠᠰᠠᠭᠤᠳᠠᠯ ᠢ ᠰᠢᠢᠳᠪᠤᠷᠢᠯᠡᠵᠤ ᠪᠠᠶᠢᠨ᠎ᠠ᠃ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠠᠩ ᠭᠤᠸᠠᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠳᠤᠰᠠᠯᠠᠬᠤ ᠬᠤᠭᠤᠯᠠᠨ ᠦᠷᠦᠬᠡ ᠠᠩᠬᠠᠨ ᠤ ᠵᠣᠴᠢᠳ ᠢᠶᠠᠨ ᠤᠭᠲᠤᠨ ᠠᠪᠤᠯ᠎ᠠ᠃
1.jpg
2.jpg
3.jpg
     ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠠᠩ ᠭᠤᠸᠠᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠲᠤᠰᠠᠯᠠᠬᠤ ᠬᠤᠭᠤᠯᠠᠨ ᠦᠷᠦᠭᠡ ᠨᠢ ᠠᠭᠤᠵᠢᠮ ᠰᠠᠷᠠᠭᠤᠯ ᠮᠦᠷᠳᠡᠭᠡᠨ ᠴᠡᠪᠡᠷ ᠳᠡᠭᠰᠢ ᠳᠤᠬᠢᠯᠢᠭ ᠰᠠᠶᠢᠬᠠᠨ ᠪᠠᠶᠢᠵᠤ᠂ ᠠᠮᠲᠠᠲᠤ ᠢᠳᠡᠭᠡᠨ ᠤ ᠠᠩᠬᠢᠯᠤᠮ᠎ᠠ ᠦᠨᠦᠷ ᠨᠢ ᠬᠥᠮᠥᠰ ᠤᠨ ᠰᠡᠳᠬᠢᠯ ᠢ ᠪᠠᠶᠠᠰᠬᠠᠨ᠎ᠠ᠃ ᠬᠤᠭᠤᠯᠠ ᠢᠳᠡᠬᠦ ᠪᠠᠷ ᠢᠷᠡᠭᠰᠡᠨ ᠨᠠᠰᠤᠲᠠᠶᠢᠴᠤᠳ ᠥᠪᠡᠷ ᠤᠨ ᠳᠤᠷᠠᠳᠠᠢ ᠠᠮᠲᠠᠲᠤ ᠢᠳᠡᠭᠡᠨ ᠢᠶᠠᠨ ᠰᠤᠩᠭᠤᠨ ᠠᠪᠴᠤ ᠪᠤᠯᠳᠠᠭ᠃ ᠣᠶᠢᠯᠠᠭᠠᠭᠰᠠᠨ ᠢᠶᠠᠷ᠂ ᠳᠤᠰ ᠬᠤᠭᠤᠯᠠᠨ ᠦᠷᠦᠬᠡ ᠨᠢ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠬᠦᠴᠢᠷᠳᠡᠯᠲᠡᠢ ᠬᠥᠮᠥᠰ ᠵᠢᠴᠢ ᠠᠰᠠᠷᠠᠨ ᠬᠠᠷᠠᠭᠠᠯᠵᠠᠬᠤ ᠡᠲᠡᠭᠡᠳ ᠲᠤ ᠭᠤᠷᠪᠠᠨ ᠡᠷᠡᠨ ᠤ ᠬᠤᠭᠤᠯᠠ ᠬᠠᠩᠭᠠᠬᠤ ᠵᠢᠴᠢ ᠭᠡᠷ ᠲᠤᠨᠢ ᠬᠦᠷᠭᠡᠬᠦ ᠦᠢᠯᠡᠴᠢᠯᠡᠭᠡ ᠬᠠᠩᠭᠠᠵᠤ ᠪᠠᠶᠢᠨ᠎ᠠ᠃
4.jpg
6.jpg
8.jpg
     ︽ᠠᠳᠡᠬᠢ ᠶᠢᠨ ᠬᠤᠭᠤᠯᠠ ᠵᠠᠭᠤᠰᠢ ᠨᠢ ᠮᠠᠰᠢ ᠠᠮᠲᠠᠲᠠᠢ᠂ ᠲᠥᠷᠥᠯ ᠵᠦᠢᠯ ᠨᠢ ᠴᠦ ᠮᠠᠰᠢ ᠣᠯᠠᠨ᠂ ᠮᠠᠨ ᠤ ᠨᠠᠰᠤᠲᠠᠶᠢᠴᠤᠳ ᠲᠤ ᠮᠠᠰᠢ ᠲᠣᠬᠢᠷᠠᠨ᠎ᠠ᠂ ᠪᠢ ᠠᠳᠡᠬᠢ ᠶᠢᠨ ᠡᠷᠳᠡᠨᠢ ᠰᠢᠰᠢ ᠶᠢᠨ ᠮᠠᠨᠲᠸᠤ ᠶᠢ ᠬᠠᠮᠤᠭ ᠠᠴᠠ ᠢᠳᠡᠬᠦ ᠳᠤᠷᠠᠲᠠᠢ᠂ ᠬᠤᠵᠢᠮ ᠦᠷᠭᠦᠯᠵᠢ ᠢᠷᠡᠨ᠎ᠡ︾᠃                                    — ᠰᠠᠭᠤᠭᠠᠯᠢ ᠠᠷᠠᠳ    ᠭᠦᠸᠧ ᠵᠢᠶᠦ᠋ᠨ ᠶᠢᠩ
9.jpg
    ︽ᠡᠨᠡ ᠬᠦ ᠨᠠᠰᠤᠲᠠᠶᠢᠴᠤᠳ ᠲᠤ ᠳᠤᠰᠠᠯᠠᠬᠤ ᠬᠤᠭᠤᠯᠠᠨ ᠦᠷᠦᠬᠡ ᠶᠢ ᠣᠯᠠᠨ ᠢᠶᠠᠷ ᠢᠶᠠᠨ ᠬᠦᠰᠡᠭᠡᠳ ᠤᠳᠠᠯ᠎ᠠ᠂ ᠭᠡᠷ ᠤᠨ ᠡᠭᠦᠳᠡᠨ ᠳᠤ ᠪᠠᠨ ᠬᠢᠮᠳᠠ ᠮᠦᠷᠳᠡᠬᠡᠨ ᠠᠮᠤᠷ ᠳᠦᠪᠰᠢᠨ ᠬᠤᠭᠤᠯᠠ ᠢᠳᠡᠵᠤ ᠳᠡᠶᠢᠯᠬᠦ ᠪᠤᠯᠤᠭᠰᠠᠨ ᠨᠢ ᠮᠠᠰᠢ ᠵᠢᠷᠭᠠᠯᠳᠠᠢ ᠪᠠᠶᠢᠨ᠎ᠠ︾᠃                                       — ᠰᠠᠭᠤᠭᠠᠯᠢ ᠠᠷᠠᠳ    ᠸᠠᠩ ᠽᠠᠢ ᠮᠢᠩ
10.jpg
     ︽2016 ᠣᠨ ᠠᠴᠠ ᠤᠳᠤ ᠪᠣᠯᠲᠠᠯ᠎ᠠ᠂ ᠮᠠᠨ ᠤ ᠲᠥᠪ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠨᠢᠭᠡᠨᠲᠡ ᠪᠦᠬᠦ ᠲᠤᠭᠤᠷᠢᠭ ᠤᠨ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 20 ᠭᠠᠷᠤᠢ ᠨᠡᠶᠢᠭᠡᠮ ᠲᠣᠭᠤᠷᠢᠭ ᠲᠤ ᠤᠶᠢᠯᠡᠴᠢᠯᠡᠵᠤ᠂ ᠤᠶᠢᠯᠡᠴᠢᠯᠡᠭᠰᠡᠨ ᠬᠦᠮᠦᠨ ᠤ ᠲᠤᠭ᠎ᠠ 10 ᠲᠦᠮᠡ ᠭᠠᠷᠤᠢ ᠳᠤ ᠬᠦᠷᠴᠡᠢ᠃ ᠪᠢᠳᠡ ᠦᠷᠬᠦᠯᠵᠢᠯᠡᠨ ᠨᠠᠰᠤᠳᠠᠶᠢᠴᠤᠳ ᠤᠨ ᠬᠤᠭᠤᠯᠠ ᠤᠮᠳᠠ ᠳᠤ ᠲᠤᠰᠠᠯᠠᠬᠤ᠂ ᠨᠠᠰᠤᠲᠠᠶᠢᠴᠤᠳ ᠢ ᠲᠤᠰᠠᠯᠠᠬᠤ ᠦᠢᠯᠡᠴᠢᠯᠡᠭᠡ ᠶᠢ ᠰᠠᠶᠢᠲᠤᠷ ᠬᠢᠵᠦ᠂ ᠨᠡᠩ ᠤᠯᠠᠨ ᠨᠠᠰᠤᠲᠠᠶᠢᠴᠤᠳ ᠵᠢᠴᠢ ᠬᠤᠯᠪᠣᠭᠳᠠᠯ ᠪᠦᠬᠦᠢ ᠬᠦᠮᠦᠰ ᠲᠤ ᠤᠶᠢᠯᠡᠴᠢᠯᠡᠭᠡ ᠬᠠᠩᠭᠠᠨ᠎ᠠ︾᠃                              — ᠳ᠋ᠦᠩᠱᠧᠩ ᠲᠣᠭᠤᠷᠢᠭ ᠤᠨ ᠰᠢᠩ ᠹᠦ᠋ ᠰᠢ ᠶᠠᠩ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ   ᠭᠤᠸ ᠬᠦᠶ ᠰᠢᠶᠠ
11.jpg
     ᠣᠶᠢᠯᠠᠭᠠᠭᠰᠠᠨ ᠢᠶᠠᠷ᠂ ᠣᠳᠣᠬᠠᠨ ᠳᠤ ᠶᠠᠩ ᠭᠤᠸᠠᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠤᠮᠳᠠ ᠳᠤ ᠳᠤᠰᠠᠯᠠᠬᠤ ᠬᠤᠭᠤᠯᠠᠨ ᠦᠷᠦᠭᠡ ᠨᠢ ᠡᠳᠤᠷ ᠤᠨ ᠭᠤᠷᠪᠠᠨ ᠡᠷᠡᠨ ᠤ ᠬᠤᠭᠤᠯᠠᠨ ᠤ ᠦᠢᠯᠡᠴᠢᠯᠡᠭᠡ ᠬᠠᠩᠭᠠᠵᠤ᠂ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠭᠢᠯᠡᠬᠦ ᠬᠠᠵᠠᠷ ᠤᠨ ᠬᠠᠷᠢᠶ᠎ᠠ ᠤᠷᠤᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ 6 ᠪᠠᠷ ᠨᠤᠭᠤᠯᠬᠤ ᠬᠠᠷᠠᠭᠠᠯᠵᠠᠯ ᠬᠦᠷᠲᠡᠭᠡᠵᠦ᠂ 60 ᠨᠠᠰᠤᠨ  ᠠᠴᠠ ᠳᠡᠭᠡᠭᠰᠢᠬᠢ ᠵᠡᠮᠳᠡᠭ᠂ ᠳᠤᠤᠷ᠎ᠠ ᠪᠠᠲᠤᠯᠠᠭᠠᠲᠤ ᠡᠷᠦᠬᠡ᠂ ᠠᠰᠠᠷᠠᠨ ᠬᠠᠷᠠᠭᠠᠯᠵᠠᠬᠤ ᠡᠲᠡᠭᠡᠳ ᠲᠤ 5 ᠪᠠᠷ ᠨᠤᠭᠤᠯᠬᠤ ᠬᠠᠷᠠᠭᠠᠯᠵᠠᠯ ᠬᠦᠷᠲᠡᠭᠡᠵᠦ᠂ 60 ᠨᠠᠰᠤᠨ ᠠᠴᠠ ᠳᠡᠭᠡᠭᠰᠢᠬᠢ ᠣᠨᠴᠠ ᠬᠦᠴᠢᠷᠳᠡᠯᠳᠠᠢ᠂ ︽ᠭᠤᠷᠪᠠᠨ ᠦᠭᠡᠢ︾᠂ ᠲᠠᠪᠤᠨ ᠪᠠᠲᠤᠯᠠᠭᠠᠲᠤ ᠡᠷᠦᠬᠡ ᠳᠤ 3 ᠪᠠᠷ ᠨᠤᠭᠤᠯᠬᠤ ᠬᠠᠷᠠᠭᠠᠯᠵᠠᠯ ᠬᠦᠷᠳᠡᠬᠡᠵᠤ ᠪᠤᠢ︔ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ ᠪᠠᠰᠠ ᠤᠷᠢᠳᠴᠢᠯᠠᠨ ᠪᠤᠯᠵᠤᠵᠤ ᠬᠤᠭᠤᠯᠠ ᠵᠠᠬᠢᠶᠠᠯᠠᠬᠤ ᠪᠤᠶᠤ ᠬᠤᠭᠤᠯᠠ ᠵᠠᠭᠤᠰᠢ  ᠶᠢ ᠭᠡᠷ ᠲᠡᠭᠡᠨ ᠬᠦᠷᠬᠡᠯᠭᠡᠬᠦ ᠦᠢᠯᠡᠴᠢᠯᠡᠭᠡ ᠬᠠᠩᠭᠠᠨ᠎ᠠ᠃
12.jpg
     ︽ᠵᠠᠯᠭᠠᠭᠠᠳ᠂ ᠶᠠᠩ ᠭᠤᠸᠠᠩ ᠨᠡᠶᠢᠭᠡᠮ ᠲᠣᠭᠤᠷᠢᠭ ᠨᠠᠰᠤᠲᠠᠶᠢᠴᠤᠳ ᠤᠨ ᠬᠤᠭᠤᠯᠠ ᠤᠮᠳᠠ ᠳᠤ ᠳᠤᠰᠠᠯᠠᠬᠤ ᠪᠠᠷ ᠲᠠᠪᠴᠠᠩ ᠪᠣᠯᠭᠠᠵᠤ᠂ ᠰᠠᠭᠤᠭᠠᠯᠢ ᠲᠣᠭᠤᠷᠢᠭ ᠤᠨ ᠠᠵᠢᠯᠯᠠᠭᠠᠨ ᠤ ᠲᠠᠰᠤᠭ᠂ ᠰᠣᠶᠣᠯ ᠤᠨ ᠲᠠᠯᠠᠪᠠᠢ ᠵᠡᠷᠭᠡ ᠠᠵᠢᠯᠯᠠᠭᠠᠨ ᠤ ᠲᠠᠯᠠᠪᠤᠷ ᠢ ᠨᠢᠭᠡᠳᠦᠯᠲᠡᠶ ᠲᠥᠯᠥᠪᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠭ  ᠢ ᠪᠦᠷᠢᠨ ᠳᠡᠬᠦᠯᠳᠡᠷᠵᠢᠬᠦᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠠᠷᠢᠶ᠎ᠠ ᠣᠷᠣᠨ ᠤ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠥᠮᠦᠰ ᠲᠤ ᠨᠠᠩ ᠪᠦᠷᠢᠨ ᠲᠡᠭᠦᠯᠳᠡᠷ᠂ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠪᠣᠯᠤᠨ᠎ᠠ︾᠃                           — ᠶᠠᠩ ᠭᠤᠸᠠᠩ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ   ᠱᠧ ᠰᠢᠶᠤᠤ ᠹᠠᠩ     ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠬᠤᠭᠤᠯᠠᠨ ᠦᠷᠦᠭᠡ ᠭᠠᠷᠭᠠᠬᠤ ᠪᠣᠯ ᠳ᠋ᠦᠩᠱᠧᠩ ᠲᠣᠭᠤᠷᠢᠭ ᠤᠨ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠨᠠᠰᠤᠵᠢᠩ ᠢ ᠠᠰᠠᠷᠠᠬᠤ ᠦᠢᠯᠡᠴᠢᠯᠡᠭᠡᠨ ᠤ ᠲᠤᠭᠳᠠᠯᠴᠠᠭ᠎ᠠ ᠳᠠᠬᠢ ᠴᠢᠬᠤᠯᠠ ᠨᠢᠭᠡ ᠭᠤᠭᠴᠤᠭ᠎ᠠ ᠪᠣᠯᠤᠨ᠎ᠠ᠃ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ ᠳ᠋ᠦᠩᠱᠧᠩ ᠲᠣᠭᠤᠷᠢᠭ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠲᠦᠪᠯᠡᠷᠡᠭᠰᠡᠨ ᠲᠣᠭᠤᠭᠠᠨ ᠭᠡᠷ ᠪᠠᠶᠢᠭᠤᠯᠵᠤ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ᠂ ᠨᠡᠷᠡᠳᠤ ᠲᠡᠮᠳᠡᠭᠵᠢᠭᠰᠡᠨ᠂ ᠳᠥᠭᠦᠮ ᠳᠥᠲᠡ ᠮᠠᠶ᠋ᠢᠭ ᠤᠨ ᠨᠠᠰᠤᠲᠠᠶᠢᠴᠤᠳ ᠤᠨ ᠬᠤᠭᠤᠯᠠ ᠤᠮᠳᠠ ᠳᠤ ᠳᠤᠰᠠᠯᠠᠬᠤ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠳᠡᠯᠬᠡᠷᠡᠬᠦᠯᠵᠤ᠂ ᠨᠡᠩ ᠤᠯᠠᠨ ᠨᠠᠰᠤᠲᠠᠶᠢᠴᠤᠳ ᠲᠤ ᠠᠮᠤᠷ ᠲᠦᠪᠰᠢᠨ᠂ ᠡᠷᠡᠭᠦᠯ ᠴᠢᠭᠢᠷᠠᠭ᠂ ᠠᠮᠳᠠᠳᠤ ᠢᠳᠡᠭᠡᠨ ᠢ ᠢᠳᠡᠭᠦᠯᠵᠦ᠂ ᠨᠡᠩ ᠤᠯᠠᠨ ᠨᠠᠰᠤᠲᠠᠶᠢᠴᠤᠳ ᠲᠤ ᠴᠢᠨᠠᠷ ᠰᠠᠶᠢᠲᠠᠢ ᠨᠠᠰᠤᠵᠢᠯ ᠤᠨ ᠠᠰᠠᠷᠠᠮᠵᠢ ᠶᠢ ᠡᠳ᠋ᠯᠡᠬᠦᠯᠵᠤ ᠪᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ