【ᠬᠠᠶᠢᠷ᠎ᠠ ᠬᠠᠯᠠᠮᠵᠢᠳᠤ ᠢᠨᠵᠧᠨᠧᠷᠢᠩ】ᠳ᠋ᠦᠩᠱᠧᠩ᠄ ︽ᠢᠷᠡᠯᠳᠡ ᠶᠢ ᠨᠡᠮᠡᠭᠳᠡᠬᠦᠯᠬᠦ︾ ︽ᠠᠷᠪᠢᠯᠠᠨ ᠭᠠᠮᠨᠠᠬᠤ︾ ᠪᠠᠷ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠬᠦ ᠳᠤ ︽ᠡᠨᠧᠷᠬᠢ ᠤᠯᠭᠤᠵᠤ︾ ᠪᠤᠢ
ᠨᠡᠶᠢᠲᠡᠯᠡᠭᠰᠡᠨ ᠴᠠᠭ᠄
2024/4/16
     ᠬᠠᠲᠤᠨ ᠭᠤᠣᠯ ᠤᠨ ᠤᠰᠤ ᠶᠢ ᠤᠷᠳᠤᠰ ᠤᠨ ᠭᠤᠤᠯ ᠬᠤᠲᠠ ᠲᠣᠭᠤᠷᠢᠭ ᠲᠤ ᠲᠠᠲᠠᠵᠤ ᠡᠳᠦᠷ ᠲᠤ 10 ᠲᠦᠮᠡᠨ ᠲᠣᠨ ᠠᠮᠢᠳᠤᠷᠠᠯ ᠤᠨ ᠤᠰᠤ ᠬᠠᠩᠭᠠᠬᠤ ᠢᠨᠵᠧᠨᠧᠷᠢᠩ ᠢ 6 ᠰᠠᠷ᠎ᠠ ᠶᠢᠨ ᠰᠡᠭᠦᠯᠴᠢ ᠪᠠᠷ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠬᠠᠰᠢᠶᠠᠳᠤ ᠶᠢᠨ ᠳᠠᠷᠤᠴᠠ ᠨᠡᠮᠡᠬᠦ ᠦᠷᠳᠡᠭᠡ ᠶᠢ ᠥᠷᠭᠡᠳᠬᠡᠨ ᠬᠦᠬᠦᠷᠬᠡ ᠶᠢᠨ ᠦᠷᠳᠡᠭᠡ ᠪᠠᠶᠢᠭᠤᠯᠬᠤ ᠲᠦᠷᠦᠯ ᠵᠤᠶᠢᠯ᠂ ᠴᠡᠩᠬᠡᠭ ᠤᠰᠤᠨ ᠤ ᠴᠦᠬᠦᠷᠤᠮ ᠤᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠤᠶᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠬᠢᠵᠦ ᠪᠠᠶᠢᠨ᠎ᠠ᠃ ᠡᠨᠡ ᠵᠢᠯ 50 ᠰᠠᠭᠤᠭᠠᠯᠢ ᠲᠣᠭᠤᠷᠢᠭ ᠲᠤ ᠬᠤᠶᠠᠳᠠᠭᠢ ᠤᠳᠠᠭᠠᠨ ᠤ ᠤᠰᠤ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠬᠢᠬᠦ ᠪᠠᠷ ᠲᠥᠯᠥᠪᠯᠡᠵᠦ ᠪᠤᠢ᠂ 44 ᠬᠠᠭᠤᠴᠢᠨ ᠰᠠᠭᠤᠭᠠᠯᠢ ᠲᠣᠭᠤᠷᠢᠭ ᠤᠨ ᠤᠰᠤ ᠬᠠᠩᠭᠠᠬᠤ ᠬᠤᠭᠤᠯᠠᠢ ᠲᠣᠣᠷ ᠤᠨ ᠥᠭᠡᠷᠡᠴᠢᠯᠡᠯᠲᠡ ᠶᠢᠨ ᠲᠦᠷᠤᠯ ᠵᠦᠢᠯ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤᠨ ᠳᠤ ᠤᠷᠤᠪᠠ ᠁ ︽ᠬᠠᠶᠢᠷ᠎ᠠ ᠬᠠᠯᠠᠮᠵᠢᠳᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠣᠨ᠎ᠠ᠃ ᠬᠤᠲᠠ ᠶᠢᠨ ᠤᠰᠤᠨ ᠤ ᠬᠠᠩᠭᠠᠯᠭ᠎ᠠ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠣᠨ᠎ᠠ᠃ ᠳ᠋ᠦᠩᠱᠧᠩ ᠲᠣᠭᠤᠷᠢᠭ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠠᠷᠢᠮᠳᠠᠯᠠᠨ᠂ ᠬᠤᠳᠠ ᠶᠢᠨ ᠤᠰᠤ ᠬᠠᠩᠭᠠᠬᠤ ᠢᠨᠵᠧᠨᠧᠷᠢᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠪᠣᠯᠣᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠦᠬᠦ ᠬᠦᠴᠦᠨ ᠢᠶᠠᠷ ᠪᠠᠳᠤᠯᠠᠨ᠂ ᠴᠢᠨᠠᠷ ᠰᠠᠶᠢᠲᠠᠢ ᠦᠷᠬᠦᠯᠵᠢᠯᠡᠬᠦᠶᠢᠴᠡ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ ᠪᠠᠶᠢᠨ᠎ᠠ᠃      ᠪᠥᠬᠦ ᠬᠦᠴᠦᠨ ᠢᠶᠠᠷ ︽ᠢᠷᠡᠯᠳᠡ ᠶᠢ ᠨᠡᠮᠡᠭᠳᠡᠬᠦᠯᠵᠤ︾᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠬᠦᠯᠦᠨ᠎ᠡ     ᠬᠠᠲᠤᠨ ᠭᠤᠣᠯ ᠤᠨ ᠤᠰᠤ ᠶᠢ ᠤᠷᠳᠤᠰ ᠤᠨ ᠭᠤᠤᠯ ᠪᠤᠯᠬᠤ ᠬᠤᠲᠠ ᠲᠣᠭᠤᠷᠢᠭ ᠲᠤ ᠲᠠᠲᠠᠵᠤ ᠤᠰᠤ ᠬᠠᠩᠭᠠᠬᠤ ᠢᠨᠵᠧᠨᠧᠷᠢᠩ ᠳᠤ ᠭᠤᠣᠯᠳᠠᠭᠤ ᠡᠳᠦᠷ ᠲᠤ 10 ᠲᠦᠮᠡᠨ ᠲᠣᠨ ᠤᠰᠤ ᠴᠡᠪᠡᠷᠰᠢᠭᠦᠯᠬᠦ ᠦᠢᠯᠡᠳᠪᠦᠷᠢ ᠪᠠ 38.5 ᠺᠢᠯᠣᠮᠧᠲᠷ ᠣᠷᠳᠣ ᠤᠰᠤ ᠳᠠᠮᠵᠢᠭᠤᠯᠬᠤ ᠬᠤᠭᠤᠯᠠᠢ ᠪᠠᠭᠳᠠᠨ᠎ᠠ᠃     ᠣᠶᠢᠯᠠᠭᠠᠭᠰᠠᠨ ᠢᠶᠠᠷ᠂ ᠤᠰᠤ ᠴᠡᠪᠡᠷᠰᠢᠭᠦᠯᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠨᠢᠭᠡᠨᠲᠡ ᠰᠠᠭᠤᠷᠢ ᠪᠠᠷᠢᠯᠭ᠎ᠠ ᠶᠢᠨ ᠠᠵᠢᠯ ᠪᠠ ᠰᠠᠭᠤᠷᠢ ᠲᠣᠨᠣᠭᠯᠠᠯ ᠢ ᠤᠭᠰᠠᠷᠠᠬᠤ ᠠᠵᠢᠯ ᠢ ᠳᠠᠭᠤᠰᠬᠠᠵᠤ᠂ ᠣᠳᠣᠬᠠᠨ ᠳᠤ ᠶᠠᠭ ᠴᠥᠭᠦᠷᠥᠮ ᠤᠨ ᠢᠷᠤᠭᠠᠷ ᠲᠤ ᠪᠧᠲ᠋ᠤᠨ ᠴᠢᠳᠬᠤᠵᠤ ᠪᠣᠶ︔ ᠤᠰᠤ ᠳᠠᠮᠵᠢᠭᠤᠯᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠨᠢᠭᠡᠨᠲᠡ 10 ᠺᠢᠯᠣᠮᠧᠲᠷ ᠤᠨ ᠤᠰᠤ ᠳᠠᠮᠵᠢᠭᠤᠯᠬᠤ ᠬᠤᠭᠤᠯᠠᠢ ᠱᠤᠭᠤᠮ ᠢ ᠳᠡᠪᠢᠰᠬᠦ ᠠᠵᠢᠯ ᠢ ᠳᠠᠭᠤᠰᠬᠠᠵᠤ᠂ ᠤᠳᠤ ᠶᠠᠭ ᠦᠯᠡᠳᠡᠭᠰᠡᠨ ᠤᠰᠤ ᠳᠠᠮᠵᠢᠭᠤᠯᠬᠤ ᠬᠤᠭᠤᠯᠠᠢ ᠱᠤᠭᠤᠮ ᠢ ᠱᠠᠯᠠᠪᠳᠠᠨ ᠳᠡᠪᠢᠰᠴᠦ᠂ ᠵᠢᠱᠢᠯᠲᠡ ᠪᠠᠷ 4 ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠨ᠎ᠠ᠃ ᠲᠣᠰ ᠲᠥᠷᠥᠯ ᠵᠦᠢᠯ ᠨᠢ ᠲᠣᠭᠤᠷᠢᠭ ᠤᠨ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠪᠣᠯᠣᠨ᠎ᠠ᠃
001.jpg
     ︽ᠳᠠᠯᠳᠠ ᠬᠦᠴᠦᠨ ᠢ ᠠᠭᠤᠳᠠᠯᠬᠤ︾ ᠶᠢ ᠠᠬᠢᠭᠤᠯᠵᠤ᠂ ᠭᠠᠵᠠᠷ ᠳᠡᠭᠡᠷᠡᠬᠢ ᠤᠰᠤᠨ ᠤ ᠬᠠᠳᠠᠭᠠᠯᠠᠮᠵᠢ ᠶᠢᠨ ᠴᠢᠳᠠᠪᠤᠷᠢ ᠶᠢ ᠨᠡᠮᠡᠭᠳᠡᠬᠦᠯᠦᠨ᠎ᠡ     ᠤᠰᠤᠨ ᠤ ᠡᠬᠢ ᠪᠠᠶᠠᠯᠢᠭ ᠢ ᠴᠢᠨᠠᠷ ᠰᠠᠶᠢᠲᠠᠢ ᠨᠡᠭᠡᠭᠡᠨ ᠠᠰᠢᠭᠯᠠᠬᠤ ᠳᠤ ᠨᠢᠳᠤᠨ ᠡᠮᠤᠨ᠎ᠡ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠮᠥᠷᠲᠡᠭᠡᠨ ᠨᠡᠩ ᠴᠢᠬᠤᠯᠠ ᠨᠢ ᠢᠷᠡᠭᠡᠳᠦᠢ ᠳᠤ ᠬᠠᠨᠳᠤᠭᠤᠯᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠨ᠎ᠡ᠃ ᠣᠶᠢᠯᠠᠭᠠᠭᠰᠠᠨ ᠢᠶᠠᠷ᠂ ᠣᠳᠣᠬᠠᠨ ᠳᠤ ᠳ᠋ᠦᠩᠱᠧᠩ ᠲᠣᠭᠤᠷᠢᠭ ᠤᠨ 10 ᠳᠠᠷᠤᠴᠠᠳᠤ ᠬᠥᠭᠡᠷᠭᠡ ᠶᠢᠨ ᠥᠷᠲᠡᠭᠡ ᠶᠢᠨ ᠤᠰᠤ ᠬᠠᠳᠠᠭᠠᠯᠠᠬᠤ ᠴᠢᠳᠠᠪᠤᠷᠢ ᠨᠢ 15.4 ᠲᠦᠮᠡᠨ ᠲᠣᠨ ᠪᠤᠯᠤᠨ᠎ᠠ᠃ ᠮᠠᠨ ᠤ ᠲᠤᠭᠤᠷᠢᠭ ᠤᠨ ᠤᠰᠤ ᠬᠠᠩᠭᠠᠬᠤ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠤᠰᠤ ᠬᠠᠩᠭᠠᠬᠤ ᠤᠰᠤ ᠬᠠᠳᠠᠭᠠᠯᠠᠬᠤ ᠢᠨᠵᠧᠨᠧᠷᠢᠩ ᠢ ᠰᠢᠨ᠎ᠡ ᠪᠠᠷ ᠬᠡᠷᠡᠭᠵᠢᠬᠦᠯᠬᠦ ᠪᠠᠷ ᠲᠥᠯᠥᠪᠯᠡᠵᠦ ᠪᠣᠶ᠃ ᠡᠭᠦᠨ ᠳᠤ᠂ ᠬᠠᠰᠢᠶᠠᠳᠤ ᠶᠢᠨ ᠳᠠᠷᠤᠴᠠᠳᠤ ᠬᠥᠭᠡᠷᠭᠡ ᠶᠢᠨ ᠥᠷᠲᠡᠭᠡ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠨᠢ ᠣᠳᠣᠬᠠᠨ ᠳᠤ ᠶᠠᠭ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠵᠦ ᠪᠣᠶ᠃ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠤᠰᠤ ᠲᠦᠭᠡᠭᠡᠬᠦ ᠦᠢᠯᠡᠳᠪᠦᠷᠢ᠂ ᠳᠦᠪ ᠵᠠᠮ ᠤᠨ ᠤᠰᠤ ᠬᠠᠳᠠᠭᠠᠯᠠᠬᠤ ᠴᠥᠭᠦᠷᠥᠮ ᠵᠡᠷᠭᠡ 2 ᠲᠦᠷᠦᠯ ᠵᠦᠢᠯ ᠣᠳᠣᠬᠠᠨ ᠳᠤ ᠶᠠᠭ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠵᠦ ᠪᠤᠢ᠂ ᠵᠢᠱᠢᠯᠲᠡ ᠪᠠᠷ ᠢᠷᠡᠬᠦ ᠵᠢᠯ ᠠᠴᠠ ᠡᠬᠢᠯᠡᠨ ᠪᠦᠲᠦᠭᠡᠨ ᠪᠠᠶᠢᠭᠤᠯᠬᠤ ᠪᠣᠯᠣᠨ᠎ᠠ᠃
002.jpg
     ︽ᠠᠷᠪᠢᠯᠠᠨ ᠭᠠᠮᠨᠠᠬᠤ︾ ᠶᠢ ᠴᠢᠩᠭᠠᠳᠬᠠᠵᠤ᠂ ᠤᠰᠤ ᠶᠢ ᠠᠷᠪᠢᠯᠠᠨ ᠭᠠᠮᠨᠠᠵᠤ ᠬᠡᠷᠡᠭᠯᠡᠨ᠎ᠡ     ︽ᠢᠷᠡᠯᠳᠡ ᠶᠢ ᠨᠡᠮᠡᠭᠳᠡᠬᠦᠯᠬᠦ︾ ᠪᠠ ︽ᠠᠷᠪᠢᠯᠠᠨ ᠭᠠᠮᠨᠠᠬᠤ︾ ᠶᠢ ᠵᠡᠷᠭᠡ ᠪᠠᠷ ᠴᠢᠬᠤᠯᠠᠴᠢᠯᠠᠪᠠᠯ ᠰᠠᠶ᠋ᠢ ᠬᠤᠲᠠ ᠶᠢᠨ ︽ᠤᠰᠤᠨ ᠠᠰᠢᠭᠯᠠᠯᠲᠠ ᠶᠢᠨ ᠠᠵᠢᠯ︾ ᠢ ᠭᠦᠢᠴᠡᠳ ᠰᠠᠶᠢᠨ ᠬᠢᠵᠦ ᠴᠢᠳᠠᠨ᠎ᠠ᠃ ᠳ᠋ᠦᠩᠱᠧᠩ ᠲᠣᠭᠤᠷᠢᠭ ᠤᠰᠤ ᠲᠠᠲᠠᠬᠤ᠂ ᠬᠠᠩᠭᠠᠬᠤ᠂ ᠬᠡᠷᠡᠭᠯᠡᠬᠦ᠂ ᠠᠷᠪᠢᠯᠠᠬᠤ᠂ ᠭᠠᠳᠠᠭᠰᠢᠯᠠᠭᠤᠯᠬᠤ ᠵᠡᠷᠭᠡ ᠤᠰᠤᠨ ᠳᠤ ᠬᠤᠯᠪᠣᠭᠳᠠᠬᠤ ᠭᠤᠣᠯ ᠴᠣᠭᠴᠠ ᠶᠢᠨ ᠬᠠᠷᠢᠴᠠᠭ᠎ᠠ ᠶᠢ ᠴᠢᠨᠠᠭᠰᠢᠳᠠ ᠰᠢᠯᠤᠭᠤᠳᠬᠠᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠣᠨᠣᠪᠴᠢᠲᠠᠢ ᠪᠠᠶᠢᠯᠭᠠᠵᠤ᠂ ᠰᠢᠨᠵᠢᠯᠡᠬᠦ ᠤᠬᠠᠭᠠᠨᠴᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠢ ᠪᠦᠷᠢᠯᠳᠦᠬᠦᠯᠤᠨ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠪᠦᠬᠦ ᠬᠦᠴᠦᠨ ᠢᠶᠠᠷ ᠬᠢᠵᠤ ᠪᠠᠶᠢᠨ᠎ᠠ᠃ ᠣᠶᠤᠨᠲᠤ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠬᠠᠮᠢᠶᠠᠷᠬᠤ᠂ ᠬᠠᠮᠲᠤᠷᠠᠨ ᠲᠣᠬᠢᠷᠠᠭᠤᠯᠬᠤ ᠶᠢ ᠪᠡᠶᠡᠯᠡᠬᠦᠯᠦᠨ᠎ᠡ᠃ ᠡᠭᠦᠨ ᠳᠤ ᠬᠤᠭᠤᠯᠠᠢ ᠲᠣᠣᠷ ᠤᠨ ᠭᠤᠭᠤᠵᠢᠵᠤ ᠬᠤᠬᠢᠷᠠᠬᠤ ᠶᠢ ᠬᠢᠵᠠᠭᠠᠷᠯᠠᠬᠤ ᠲᠥᠷᠥᠯ ᠵᠦᠢᠯ ᠳᠤ ᠭᠤᠣᠯᠳᠠᠭᠤ ᠣᠶᠤᠨᠲᠤ ᠤᠰᠤᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠪᠠ ᠬᠤᠲᠠ ᠶᠢᠨ ᠶᠠᠪᠤᠳᠠᠯ ᠤᠨ ᠬᠤᠭᠤᠯᠠᠢ ᠲᠣᠣᠷ ᠤᠨ ᠬᠤᠪᠢᠶᠠᠷᠢ ᠲᠣᠭᠤᠷᠢᠭ ᠤᠨ ᠬᠡᠮᠵᠢᠯᠲᠡ ᠶᠢᠨ ᠥᠭᠡᠷᠡᠴᠢᠯᠡᠯᠲᠡ ᠶᠢ ᠬᠢᠵᠦ᠂ ᠡᠨᠡ ᠵᠢᠯ ᠣᠶᠤᠨᠲᠤ ᠤᠰᠤᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ᠂ ᠬᠤᠲᠠ ᠶᠢᠨ ᠶᠠᠪᠤᠳᠠᠯ ᠤᠨ ᠬᠤᠭᠤᠯᠠᠢ ᠲᠣᠣᠷ ᠤᠨ ᠬᠤᠪᠢᠶᠠᠷᠢ ᠲᠣᠭᠤᠷᠢᠭ ᠤᠨ ᠬᠡᠮᠵᠢᠯᠲᠡ ᠶᠢᠨ ᠥᠭᠡᠷᠡᠴᠢᠯᠡᠯᠲᠡ ᠪᠠ ᠬᠡᠰᠡᠭ ᠤᠰᠤᠨ ᠬᠡᠮᠵᠢᠭᠦᠷ ᠤᠨ ᠰᠢᠨᠡᠴᠢᠯᠡᠯᠲᠡ ᠶᠢᠨ ᠥᠭᠡᠷᠡᠴᠢᠯᠡᠯᠲᠡ ᠶᠢ ᠪᠡᠶᠡᠯᠡᠭᠦᠯᠬᠦ ᠪᠠᠷ ᠲᠥᠯᠥᠪᠯᠡᠵᠦ᠂ ᠵᠢᠱᠢᠯᠲᠡ ᠪᠠᠷ 4 ᠰᠠᠷ᠎ᠠ ᠶᠢᠨ ᠳᠤᠮᠳᠠᠴᠢ ᠪᠠᠷ ᠪᠠᠷᠢᠯᠭ᠎ᠠ ᠡᠬᠢᠯᠡᠭᠦᠯᠦᠨ᠎ᠡ︔ ᠤᠰᠤ ᠬᠠᠩᠭᠠᠬᠤ ᠬᠤᠭᠤᠯᠠᠢ ᠱᠤᠭᠤᠮ ᠵᠠᠳᠠᠭᠠᠢ ᠰᠤᠯᠠ ᠭᠠᠵᠠᠷ ᠤᠨ ᠨᠢᠭᠡ ᠴᠣᠭᠴᠠᠵᠢᠭᠰᠠᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠤᠶᠢᠯ ᠢ ᠨᠢᠭᠡᠨᠲᠡ ᠵᠢᠩᠬᠢᠨᠢ ᠪᠠᠷ ᠡᠬᠢᠯᠡᠨ ᠬᠡᠷᠡᠭᠵᠢᠭᠦᠯᠵᠦ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠳᠠᠯᠠᠵᠤ᠂ ︽ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ︾ ᠶᠢ ᠠᠬᠢᠭᠤᠯᠵᠤ᠂ ᠪᠦᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠠ᠃
003.jpg
     ︽ᠠᠷᠠᠳ ᠤᠨ ᠠᠮᠢᠳᠤᠷᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠬᠢᠯᠲᠠ ᠤᠰᠤ ᠶᠢ ᠬᠡᠷᠡᠭᠯᠡᠬᠦ ᠬᠠᠷᠢᠴᠠᠯ ᠢ ᠳᠡᠭᠡᠭᠰᠢᠯᠡᠬᠦᠯᠦᠨ᠎ᠡ     ᠳ᠋ᠦᠩᠱᠧᠩ ᠲᠣᠭᠤᠷᠢᠭ ᠬᠤᠳᠠ ᠲᠣᠭᠤᠷᠢᠭ ᠤᠨ ᠤᠰᠤ ᠬᠠᠩᠭᠠᠬᠤ ᠬᠤᠭᠤᠯᠠᠢ ᠲᠣᠣᠷ ᠤᠨ ᠦᠬᠡᠷᠡᠴᠢᠯᠡᠯᠳᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠬᠤᠳᠠ ᠲᠣᠭᠤᠷᠢᠭ ᠤᠨ ᠬᠤᠶᠠᠳᠠᠭᠢ ᠤᠳᠠᠭ᠎ᠠ ᠶᠢᠨ ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠬᠦ ᠳᠦᠷᠦᠯ ᠵᠦᠢᠯ ᠳᠤ 309 ᠰᠠᠭᠤᠭᠠᠯᠢ ᠲᠣᠭᠤᠷᠢᠭ ᠪᠠ ᠤᠯᠠᠨ ᠨᠡᠶᠢᠲᠡ ᠶᠢᠨ ᠪᠠᠷᠢᠯᠭ᠎ᠠ ᠶᠢᠨ ᠬᠤᠶᠠᠳᠠᠭᠢ ᠤᠳᠠᠭ᠎ᠠ ᠶᠢᠨ ᠤᠰᠤ ᠬᠠᠩᠭᠠᠬᠤ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠪᠠᠷ ᠲᠥᠯᠥᠪᠯᠡᠵᠦ᠂ ᠨᠡᠶᠢᠳᠡ 5 ᠪᠦᠯᠦᠭ ᠬᠤᠪᠢᠶᠠᠨ ᠬᠡᠷᠡᠭᠵᠢᠬᠦᠯᠦᠨ᠎ᠡ᠃ 2023 ᠣᠨ ᠳᠤ ᠨᠡᠶᠢᠲᠡ 46 ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠡᠨᠡ ᠵᠢᠯ 50 ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠡᠭᠦᠨ ᠤ ᠵᠡᠷᠭᠡ ᠳᠤ 44 ᠰᠠᠭᠤᠭᠠᠯᠢ ᠲᠣᠭᠤᠷᠢᠭ ᠤᠨ ᠤᠰᠤ ᠬᠠᠩᠭᠠᠬᠤ ᠬᠠᠭᠤᠴᠢᠨ ᠬᠤᠭᠤᠯᠠᠢ ᠲᠣᠣᠷ ᠢ ᠥᠭᠡᠷᠡᠴᠢᠯᠡᠬᠦ ᠲᠦᠷᠦᠯ ᠵᠤᠶᠢᠯ ᠢ ᠬᠡᠷᠡᠭᠵᠢᠬᠦᠯᠦᠨ᠎ᠡ᠃      ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠳᠠᠯᠠᠵᠤ᠂ ᠬᠡᠷᠡᠭᠯᠡᠵᠦ ᠪᠤᠯᠬᠤ ᠶᠢ ᠨᠢ ᠴᠢᠳᠠᠬᠤ ᠶᠢᠨ ᠳᠤᠳᠤᠷ᠎ᠠ ᠬᠡᠷᠡᠭᠯᠡᠬᠦ ᠶᠢ ᠠᠬᠢᠭᠤᠯᠵᠤ᠂ ᠬᠡᠷᠡᠭᠯᠡᠭᠡ ᠪᠠᠷ ᠬᠠᠩᠭᠠᠯᠭ᠎ᠠ ᠶᠢ ᠲᠣᠭᠲᠠᠭᠠᠬᠤ᠂ ᠬᠡᠷᠡᠭᠯᠡᠭᠡ ᠪᠠᠷ ᠶᠠᠰᠤ ᠴᠢᠨᠠᠷ ᠢ ᠲᠣᠭᠲᠠᠭᠠᠬᠤ᠂ ᠶᠠᠰᠤ ᠴᠢᠨᠠᠷ ᠢᠶᠠᠷ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ︔ ᠳᠠᠬᠢᠯᠲᠠ ᠤᠰᠤᠨ ᠬᠤᠭᠤᠯᠠᠢ ᠲᠣᠣᠷ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠠᠬᠢᠯᠲᠠ ᠤᠰᠤᠨ ᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠳᠠᠬᠢᠯᠲᠠ ᠤᠰᠤ ᠶᠢ ᠴᠡᠪᠡᠷᠰᠢᠭᠦᠯᠬᠦ ᠢᠵᠢ ᠪᠦᠷᠢᠳᠦᠭᠦᠯᠬᠦ ᠲᠦᠬᠦᠭᠡᠷᠦᠮᠵᠢ ᠪᠠ ᠪᠣᠬᠢᠷ ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠵᠦ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃
004.jpg
     ᠳ᠋ᠦᠩᠱᠧᠩ ᠲᠣᠭᠤᠷᠢᠭ ᠦᠵᠦᠬᠦᠷ ᠲᠥᠯᠥᠪᠯᠡᠭᠡ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠪᠠᠨ ᠰᠢᠯᠢᠳᠡᠭᠵᠢᠬᠦᠯᠦᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢ ᠦᠨᠡᠨᠬᠦ ᠰᠠᠶᠢᠲᠤᠷ ᠬᠢᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠂ ᠤᠰᠤᠨ ᠲᠣᠣᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠰᠤ ᠬᠠᠩᠭᠠᠬᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠨ ᠤᠰᠤ ᠬᠠᠩᠭᠠᠬᠤ ᠵᠡᠷᠭᠡ ᠴᠢᠳᠠᠪᠤᠷᠢ ᠶᠢ ᠳᠡᠭᠡᠭᠰᠢᠯᠡᠬᠦᠯᠦᠨ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢ ᠬᠠᠩᠭᠠᠵᠤ ᠪᠤᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ