ᠡᠳᠡᠬᠡᠷ ᠰᠢᠨ᠎ᠡ ᠳᠤᠭᠳᠠᠭᠠᠯ ᠤᠯᠤᠰ ᠤᠨ ᠪᠠᠷᠢᠮᠵᠢᠶ᠎ᠠ ᠶᠢ ᠦᠨᠦᠳᠤᠷ ᠠᠴᠠ ᠡᠬᠢᠯᠡᠨ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2024/4/2
     ᠦᠨᠦᠳᠤᠷ ᠠᠴᠠ ᠡᠬᠢᠯᠡᠨ ᠬᠡᠷᠡᠭᠵᠢᠬᠦᠯᠬᠦ ᠡᠨᠧᠷᠬᠢ ᠶᠢᠨ ᠰᠤᠷᠪᠤᠯᠵᠢ ᠶᠢᠨ ᠬᠦᠷᠢᠶᠡᠨ ᠳᠠᠬᠢ ᠨᠢᠬᠡ ᠪᠦᠯᠦᠭ ᠰᠢᠨ᠎ᠡ ᠲᠦᠯᠦᠪᠵᠢᠬᠦᠯᠬᠡ      ᠡᠨᠧᠷᠬᠢ ᠶᠢᠨ ᠠᠰᠢᠭᠯᠠᠮᠵᠢ ᠶᠢᠨ ᠱᠠᠭᠠᠷᠳᠠᠯᠭ᠎ᠠ ᠶᠢ ᠳᠤᠳᠤᠷᠬᠠᠶᠢᠯᠠᠵᠤ ᠡᠨᠧᠷᠬᠢ ᠠᠷᠪᠢᠯᠠᠬᠤ ᠪᠠᠷᠢᠮᠵᠢᠶ᠎ᠠ ᠶᠢ ᠳᠡᠬᠡᠭᠰᠢᠯᠡᠬᠦᠯᠦᠨ᠎ᠡ       ᠭᠤᠤᠯᠳᠠᠯᠭ᠎ᠠ ᠲᠠᠢ ᠡᠨᠧᠷᠬᠢ ᠬᠡᠷᠡᠭᠯᠡᠬᠦ ᠦᠢᠯᠡᠳᠬᠦᠨ ᠤ ᠳᠠᠯ᠎ᠠ ᠪᠠᠷ᠂ ︽ᠭᠤᠤᠯᠳᠠᠯᠭ᠎ᠠ ᠲᠠᠢ ᠡᠨᠧᠷᠬᠢ ᠬᠡᠷᠡᠭᠯᠡᠬᠦ ᠦᠢᠯᠡᠳᠬᠦᠨ ᠤ ᠲᠦᠬᠦᠬᠡᠷᠦᠮᠵᠢ ᠶᠢᠨ ᠡᠨᠧᠷᠬᠢ ᠶᠢᠨ ᠠᠰᠢᠭᠯᠠᠮᠵᠢ ᠶᠢᠨ ᠳᠡᠷᠢᠬᠦᠨ ᠤ ᠬᠢᠷᠢ ᠲᠦᠪᠰᠢᠨ᠂ ᠡᠨᠧᠷᠬᠢ ᠠᠷᠪᠢᠯᠠᠬᠤ ᠬᠢᠷᠢ ᠲᠦᠪᠰᠢᠨ ᠪᠠ ᠤᠷᠤᠬᠤ ᠶᠢ ᠵᠦᠪᠰᠢᠶᠡᠷᠡᠬᠦ ᠬᠢᠷᠢ ᠲᠦᠪᠰᠢᠨ ︵2024 ᠤᠨ ᠤ ᠬᠡᠪᠯᠡᠯ︶︾ ᠢ 4 ᠰᠠᠷ᠎ᠠ ᠶᠢᠨ 1 ᠤ ᠡᠳᠤᠷ ᠠᠴᠠ ᠡᠬᠢᠯᠡᠵᠤ ᠬᠡᠷᠡᠭᠵᠢᠬᠦᠯᠦᠨ᠎ᠡ᠂ ︽2024 ᠤᠨ ᠤ ᠬᠡᠪᠯᠡᠯ︾ ᠤ ᠵᠤᠷᠢᠯᠭ᠎ᠠ ᠪᠤᠯ ᠲᠦᠬᠦᠬᠡᠷᠦᠮᠵᠢ ᠶᠢᠨ ᠡᠨᠧᠷᠬᠢ ᠶᠢᠨ ᠠᠰᠢᠭᠯᠠᠮᠵᠢ ᠶᠢᠨ ᠬᠢᠷᠢ ᠲᠦᠪᠰᠢᠨ ᠳᠤᠤᠷ᠎ᠠ ᠪᠠᠶᠢᠬᠤ ᠠᠰᠠᠭᠤᠳᠠᠯ  ᠢ ᠰᠢᠢᠳᠪᠤᠷᠢᠯᠡᠵᠤ᠂ ᠠᠵᠤ ᠦᠢᠯᠡᠳᠪᠤᠷᠢ ᠶᠢᠨ ᠲᠦᠬᠦᠬᠡᠷᠦᠮᠵᠢ᠂ ᠮᠡᠳᠡᠭᠡ ᠵᠠᠩᠬᠢ ᠴᠢᠮᠡᠭᠡ ᠬᠤᠯᠪᠤᠭᠠᠨ ᠤ ᠲᠦᠬᠦᠬᠡᠷᠦᠮᠵᠢ ᠵᠡᠷᠬᠡ 6 ᠶᠡᠭᠡ ᠲᠦᠷᠦᠯ ᠤᠨ 43 ᠵᠦᠢᠯ ᠤᠨ ᠡᠨᠧᠷᠬᠢ ᠬᠡᠷᠡᠭᠯᠡᠬᠦ ᠦᠢᠯᠡᠳᠬᠦᠨ ᠤ ᠲᠦᠬᠦᠬᠡᠷᠦᠮᠵᠢ  ᠶᠢᠨ ᠡᠨᠧᠷᠬᠢ ᠶᠢᠨ ᠠᠰᠢᠭᠯᠠᠮᠵᠢ ᠶᠢᠨ ᠱᠠᠭᠠᠷᠳᠠᠯᠭ᠎ᠠ ᠶᠢ ᠳᠤᠳᠤᠷᠬᠠᠶᠢᠯᠠᠭᠰᠠᠨ ᠪᠦᠬᠡᠳ ᠦᠢᠯᠡᠳᠬᠦᠨ ᠤ ᠲᠦᠬᠦᠬᠡᠷᠦᠮᠵᠢ ᠶᠢᠨ ᠬᠠᠮᠤᠷᠬᠤ ᠬᠡᠪᠴᠢᠶ᠎ᠡ ᠶᠢ ᠦᠷᠬᠡᠳᠬᠡᠬᠦ᠂ ᠡᠨᠧᠷᠬᠢ ᠠᠷᠪᠢᠯᠠᠬᠤ ᠪᠠᠷᠢᠮᠵᠢᠶ᠎ᠠ ᠶᠢ ᠳᠡᠬᠡᠭᠰᠢᠯᠡᠬᠦᠯᠬᠦ᠂ ᠨᠢᠬᠡᠳᠤᠯᠳᠡᠢ ᠲᠦᠯᠦᠪᠯᠡᠨ ᠰᠢᠨᠡᠳᠬᠡᠨ ᠦᠬᠡᠷᠡᠴᠢᠯᠡᠬᠦ ᠪᠠ ᠬᠤᠷᠢᠶᠠᠨ ᠠᠪᠴᠤ ᠠᠰᠢᠭᠯᠠᠬᠤ ᠵᠡᠷᠬᠡ ᠳᠠᠯ᠎ᠠ ᠪᠠᠷ ᠪᠠᠶᠢᠷᠢᠯᠠᠭᠤᠯᠤᠯᠳᠠ ᠭᠢᠵᠤ᠂ ᠡᠨᠧᠷᠬᠢ ᠶᠢᠨ ᠠᠰᠢᠭᠯᠠᠮᠵᠢ ᠶᠢᠨ ᠬᠢᠷᠢ ᠲᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠬᠢ ᠠᠷᠪᠢᠯᠠᠵᠤ ᠨᠡᠬᠦᠷᠡᠰᠤᠳᠦ᠋ᠷᠦᠭᠴᠢ ᠪᠠᠭᠠᠰᠬᠠᠬᠤ ᠶᠢ ᠳᠤᠯᠭᠠᠭᠤᠷᠢᠯᠠᠨ᠎ᠠ᠃      ᠳᠠᠬᠢᠨ ᠡᠬᠦᠰᠴᠤ ᠪᠤᠯᠬᠤ ᠡᠨᠧᠷᠬᠢ ᠶᠢᠨ ᠰᠤᠷᠪᠤᠯᠵᠢ ᠶᠢᠨ ᠴᠠᠬᠢᠯᠭᠠᠨ ᠢ ᠬᠤᠳᠠᠯᠳᠤᠨ ᠠᠪᠬᠤ ᠬᠡᠮᠵᠢᠶ᠎ᠡ ᠶᠢ ᠵᠢᠷᠦᠮᠵᠢᠭᠤᠯᠤᠨ᠎ᠠ       ᠳᠠᠬᠢᠨ ᠡᠬᠦᠰᠴᠤ ᠪᠤᠯᠬᠤ ᠡᠨᠧᠷᠬᠢ ᠶᠢᠨ ᠰᠤᠷᠪᠤᠯᠵᠢ ᠶᠢᠨ ᠳᠠᠯ᠎ᠠ ᠪᠠᠷ᠂ ︽ᠳᠠᠬᠢᠨ ᠡᠬᠦᠰᠴᠤ ᠪᠤᠯᠬᠤ ᠡᠨᠧᠷᠬᠢ ᠶᠢᠨ ᠰᠤᠷᠪᠤᠯᠵᠢ ᠶᠢᠨ ᠴᠠᠬᠢᠯᠭᠠᠨ ᠤ ᠬᠡᠮᠵᠢᠶ᠎ᠡ ᠶᠢ ᠪᠦᠬᠦ ᠳᠤᠭ᠎ᠠ ᠪᠠᠷ ᠨᠢ ᠪᠠᠳᠤᠯᠠᠬᠤ ᠪᠠᠷ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠠᠷᠭ᠎ᠠ︾ ᠶᠢ4 ᠰᠠᠷ᠎ᠠ ᠶᠢᠨ1 ᠤ ᠡᠳᠤᠷ ᠠᠴᠠ ᠡᠬᠢᠯᠡᠵᠤ ᠬᠡᠷᠡᠭᠵᠢᠬᠦᠯᠪᠡ᠂ ︽ᠠᠷᠭ᠎ᠠ︾ ᠨᠢ ᠨᠡᠶᠢᠳᠡ 24 ᠵᠦᠢᠯ ᠪᠠᠶᠢᠵᠤ᠂ ᠬᠤᠳᠠᠯᠳᠤᠨ ᠠᠪᠬᠤ ᠶᠢ ᠪᠠᠳᠤᠯᠠᠬᠤ ᠬᠡᠪᠴᠢᠶ᠎ᠡ ᠶᠢ ᠳᠤᠳᠤᠷᠬᠠᠶᠢᠯᠠᠵᠤ᠂ ᠴᠠᠬᠢᠯᠭᠠᠨ ᠬᠦᠴᠦᠨ ᠤ ᠵᠠᠬ᠎ᠠ ᠳᠡᠯᠬᠡᠬᠦᠷ ᠤᠨ ᠬᠤᠯᠪᠤᠭᠳᠠᠯ ᠪᠦᠬᠦᠢ ᠪᠦᠷᠢᠯᠳᠦᠬᠦᠨ ᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠠᠠᠵᠢᠭᠤᠯᠤᠭᠰᠠᠨ ᠪᠦᠬᠡᠳ ᠴᠠᠬᠢᠯᠭᠠᠨ ᠤ ᠳᠤᠤᠷ ᠤᠨ ᠠᠵᠤ ᠠᠬᠤᠶᠢᠯᠠᠯ ᠤᠳ ᠬᠠᠮᠢᠶ᠎ᠠ ᠪᠦᠬᠦᠢ ᠲᠦᠯᠦᠪᠵᠢᠬᠦᠯᠬᠡ ᠪᠠ ᠳᠤᠭᠳᠠᠭᠠᠯ ᠤᠨ ᠱᠠᠭᠠᠷᠳᠠᠯᠭ᠎ᠠ ᠶᠤᠰᠤᠭᠠᠷ ᠳᠠᠬᠢᠨ ᠡᠬᠦᠰᠴᠤ ᠪᠤᠯᠬᠤ ᠡᠨᠧᠷᠬᠢ ᠶᠢᠨ ᠰᠤᠷᠪᠤᠯᠵᠢ ᠶᠢᠨ ᠴᠠᠬᠢᠯᠭᠠᠨ ᠭᠠᠷᠭᠠᠬᠤ ᠵᠦᠢᠯᠡᠰ ᠤᠨ ᠢᠵᠢ ᠪᠦᠷᠢᠳᠦᠬᠦᠯᠬᠦ ᠴᠠᠬᠢᠯᠭᠠᠨ ᠤ ᠳᠤᠤᠷ ᠤᠨ ᠲᠦᠬᠦᠬᠡᠷᠦᠮᠵᠢ ᠶᠢ ᠨᠢᠬᠡᠳᠤᠯᠳᠡᠢ ᠲᠦᠯᠦᠪᠯᠡᠨ ᠪᠦᠳᠦᠬᠡᠨ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠬᠤ ᠬᠡᠷᠡᠭᠳᠡᠢ ᠬᠡᠵᠤ ᠱᠠᠭᠠᠷᠳᠠᠪᠠ᠃      ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠮᠡᠳᠡᠭᠡ ᠵᠠᠩᠬᠢ ᠮᠡᠳᠡᠬᠦᠯᠦᠨ ᠬᠦᠷᠬᠡᠬᠦ ᠵᠢᠴᠢ ᠴᠠᠬᠢᠯᠭᠠᠨ ᠡᠨᠧᠷᠬᠢ ᠶᠢᠨ ᠶᠠᠰᠤ ᠴᠢᠨᠠᠷ ᠤᠨ ᠬᠠᠮᠢᠶᠠᠷᠤᠯᠳᠠ ᠶᠢ ᠵᠢᠷᠦᠮᠵᠢᠭᠤᠯᠤᠨ᠎ᠠ       ᠴᠠᠬᠢᠯᠭᠠᠨ ᠬᠦᠴᠦᠨ ᠤ ᠳᠠᠯ᠎ᠠ ᠪᠠᠷ᠂ ︽ᠴᠠᠬᠢᠯᠭᠠᠨ ᠡᠨᠧᠷᠬᠢ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠠᠷᠭ᠎ᠠ ︵ᠲᠦᠷ ᠬᠡᠷᠡᠭᠵᠢᠬᠦᠯᠬᠦ︶︾ ᠪᠠ ︽ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠮᠡᠳᠡᠭᠡ ᠵᠠᠩᠬᠢ ᠮᠡᠳᠡᠬᠦᠯᠦᠨ ᠬᠦᠷᠬᠡᠬᠦ ᠳᠤᠭᠳᠠᠭᠠᠯ︾ ᠢ 4 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠦᠨ᠎ᠡ᠂ ᠡᠬᠦᠨ ᠳᠤ᠂ ︽ᠠᠷᠭ᠎ᠠ︾ ᠨᠢ ᠴᠠᠬᠢᠯᠭᠠᠨ ᠡᠨᠧᠷᠬᠢ ᠶᠢᠨ ᠶᠠᠰᠤ ᠴᠢᠨᠠᠷ ᠤᠨ ᠬᠠᠮᠢᠶᠠᠷᠤᠯᠳᠠ ᠳᠤ ᠰᠢᠨ᠎ᠡ ᠪᠠᠶᠢᠷᠢᠯᠠᠭᠤᠯᠤᠯᠳᠠ ᠬᠢᠵᠤ᠂ ᠴᠠᠬᠢᠯᠭᠠᠨ ᠡᠨᠧᠷᠬᠢ ᠶᠢᠨ ᠶᠠᠰᠤ ᠴᠢᠨᠠᠷ ᠤᠨ ᠬᠠᠮᠢᠶᠠᠷᠤᠯᠳᠠ ᠶᠢᠨ ᠵᠤᠬᠢᠶᠠᠨ ᠪᠠᠶᠢᠭᠤᠯᠤᠯᠳᠠ ᠪᠠ ᠡᠬᠦᠷᠬᠡ ᠬᠠᠷᠢᠭᠤᠴᠠᠯᠭ᠎ᠠ ᠶᠢ ᠳᠤᠳᠤᠷᠬᠠᠶᠢᠯᠠᠵᠤ᠂ ᠴᠠᠬᠢᠯᠭᠠᠨ ᠡᠨᠧᠷᠬᠢ ᠶᠢᠨ ᠶᠠᠰᠤ ᠴᠢᠨᠠᠷ ᠤᠨ ᠮᠡᠳᠡᠭᠡ ᠵᠠᠩᠬᠢ ᠳᠤ ᠨᠢᠬᠡᠳᠤᠯᠳᠡᠢ ᠬᠠᠮᠢᠶᠠᠷᠤᠯᠳᠠ᠂ ᠱᠠᠳᠤ ᠬᠤᠪᠢᠶᠠᠨ ᠬᠠᠷᠢᠭᠤᠴᠠᠬᠤ ᠶᠢ ᠬᠡᠷᠡᠭᠵᠢᠬᠦᠯᠵᠤ᠂ ᠴᠠᠬᠢᠯᠭᠠᠨ ᠬᠦᠴᠦᠨ ᠤ ᠠᠮᠤᠷ ᠲᠦᠪᠰᠢᠨ ᠬᠠᠩᠭᠠᠯᠭ᠎ᠠ ᠶᠢ ᠤᠯᠠᠮ ᠨᠢᠬᠡ ᠠᠯᠬᠤᠮ ᠪᠠᠳᠤᠯᠠᠵᠤ᠂ ᠨᠡᠶᠢᠬᠡᠮ ᠠᠵᠤ ᠠᠬᠤᠢ ᠶᠢᠨ ᠬᠦᠭᠵᠢᠯᠳᠡ ᠳᠤ ᠦᠢᠯᠡᠴᠢᠯᠡᠨ᠎ᠡ᠃ ︽ᠳᠤᠭᠳᠠᠭᠠᠯ︾ ᠳᠤ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠮᠡᠳᠡᠭᠡ ᠵᠠᠩᠬᠢ ᠮᠡᠳᠡᠬᠦᠯᠦᠨ ᠬᠦᠷᠬᠡᠬᠦ ᠠᠭᠤᠯᠭ᠎ᠠ᠂ ᠵᠢᠷᠦᠮ ᠵᠢᠴᠢ ᠠᠷᠭ᠎ᠠ ᠮᠠᠶ᠋ᠢᠭ ᠢ ᠵᠢᠷᠦᠮᠵᠢᠭᠤᠯᠤᠭᠰᠠᠨ ᠪᠦᠬᠡᠳ ᠮᠡᠳᠡᠬᠦᠯᠦᠨ ᠬᠦᠷᠬᠡᠬᠦ ᠪᠡᠶᠡᠴᠢ ᠴᠤᠭᠴᠠ ᠶᠢ ᠨᠠᠷᠢᠨ ᠬᠤᠪᠢᠶᠠᠪᠠ᠃       ᠡᠬᠦᠨ ᠠᠴᠠ ᠭᠠᠳᠠᠨ᠎ᠠ᠂ ︽ᠨᠡᠬᠦᠷᠡᠰᠤᠨ ᠤ ᠵᠠᠰᠠᠭ ᠵᠠᠬᠢᠷᠭᠠᠨ ᠤ ᠰᠢᠢᠳᠬᠡᠯ ᠤᠨ ᠠᠷᠭ᠎ᠠ︾ ᠶᠢ 4 ᠰᠠᠷ᠎ᠠ  ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠦᠨ᠎ᠡ᠃       ᠦᠨᠦᠳᠤᠷ ᠠᠴᠠ ᠡᠬᠢᠯᠡᠨ ᠬᠡᠷᠡᠭᠵᠢᠬᠦᠯᠬᠦ‍ ᠨᠢᠬᠡ ᠪᠦᠯᠦᠭ ᠤᠯᠤᠰ ᠤᠨ ᠪᠠᠷᠢᠮᠵᠢᠶ᠎ᠠ       ︽ᠬᠡᠷ ᠤᠨ ᠭᠠᠳᠠᠨᠠᠬᠢ ᠳᠠᠮᠢᠷ ᠤᠨ ᠬᠤᠪᠴᠠᠰᠤ ᠵᠠᠰᠠᠯ︾ ᠤᠨ ᠪᠠᠷᠢᠮᠵᠢᠶ᠎ᠠ ᠳᠤ ᠬᠡᠷ ᠤᠨ ᠭᠠᠳᠠᠨᠠᠬᠢ ᠳᠠᠮᠢᠷ  ᠤᠨ ᠬᠤᠪᠴᠠᠰᠤ ᠵᠠᠰᠠᠯ ᠤᠨ ᠠᠮᠤᠷ ᠲᠦᠪᠰᠢᠨ ᠴᠢᠨᠠᠷ᠂ ᠡᠮᠦᠰᠴᠤ ᠵᠡᠬᠦᠬᠦ ᠴᠢᠳᠠᠮᠵᠢᠳᠤ ᠴᠢᠨᠠᠷ ᠵᠡᠷᠬᠡ ᠳᠠᠯ᠎ᠠ ᠶᠢᠨ ᠮᠡᠷᠬᠡᠵᠢᠯ ᠤᠨ ᠱᠠᠭᠠᠷᠳᠠᠯᠭ᠎ᠠ ᠶᠢ ᠳᠤᠭᠳᠠᠭᠠᠵᠤ᠂ ᠬᠡᠬᠡᠷᠡᠯᠡᠬᠦ ᠬᠤᠪᠴᠠᠰᠤ ᠶᠢᠨ ᠦᠢᠯᠡᠳᠬᠦᠨ ᠤ ᠬᠡᠯᠪᠡᠷᠢ ᠮᠠᠶ᠋ᠢᠭ᠂ ᠠᠮᠤᠷ ᠲᠦᠪᠰᠢᠨ᠂ ᠳᠤᠳᠤᠷ᠎ᠠ ᠭᠠᠳᠠᠨᠠᠬᠢ ᠶᠠᠰᠤ ᠴᠢᠨᠠᠷ ᠵᠢᠴᠢ ᠴᠢᠳᠠᠮᠵᠢ ᠵᠡᠷᠬᠡ ᠶᠢ ᠰᠢᠯᠢᠳᠡᠭᠵᠢᠬᠦᠯᠪᠡ᠃       ︽ᠴᠠᠬᠢᠯᠭᠠᠨ ᠱᠠᠳᠤ ᠶᠢᠨ ᠮᠡᠷᠬᠡᠵᠢᠯ ᠤᠨ ᠨᠦᠬᠦᠴᠡᠯ︾ ᠤᠨ ᠪᠠᠷᠢᠮᠵᠢᠶ᠎ᠠ ᠳᠤ ᠬᠦᠮᠦᠨ ᠠᠴᠢᠬᠤ ᠴᠠᠬᠢᠯᠭᠠᠨ ᠱᠠᠳᠤ ᠪᠠ ᠪᠠᠷᠠᠭ᠎ᠠ ᠠᠴᠢᠶᠠᠯᠠᠬᠤ ᠴᠠᠬᠢᠯᠭᠠᠨ ᠱᠠᠳᠤ ᠶᠢᠨ ᠮᠡᠷᠬᠡᠵᠢᠯ ᠤᠨ ᠱᠠᠭᠠᠷᠳᠠᠯᠭ᠎ᠠ᠂ ᠨᠠᠶᠢᠳᠠᠪᠤᠷᠢᠳᠤ ᠴᠢᠨᠠᠷ᠂ ᠳᠤᠷᠰᠢᠯᠳᠠ ᠶᠢᠨ ᠳᠦᠷᠢᠮ ᠵᠢᠴᠢ ᠳᠡᠮᠳᠡᠭ᠂ ᠪᠤᠭᠤᠳᠠᠯ ᠪᠠᠭᠯᠠᠭ᠎ᠠ᠂ ᠳᠡᠬᠡᠬᠡᠪᠤᠷᠢ ᠵᠡᠷᠬᠡ ᠶᠢᠨ ᠱᠠᠭᠠᠷᠳᠠᠯᠭ᠎ᠠ ᠶᠢ ᠳᠤᠭᠳᠠᠭᠠᠵᠠᠢ᠃       ︽ᠴᠠᠬᠢᠯᠭᠠᠨ ᠱᠠᠳᠤ ᠤᠭᠰᠠᠷᠠᠬᠤ ᠶᠢ ᠰᠢᠯᠭᠠᠬᠤ ᠵᠢᠷᠦᠮᠵᠢᠯ︾ ᠤᠨ ᠪᠠᠷᠢᠮᠵᠢᠶ᠎ᠠ ᠳᠤ ᠴᠠᠬᠢᠯᠭᠠᠨ ᠱᠠᠳᠤ ᠶᠢ ᠤᠭᠰᠠᠷᠠᠭᠰᠠᠨ ᠤ ᠳᠠᠷᠠᠭ᠎ᠠ ᠰᠢᠯᠭᠠᠨ ᠠᠪᠬᠤ ᠨᠦᠬᠦᠴᠡᠯ᠂ ᠲᠦᠷᠦᠯ ᠵᠦᠢᠯ᠂ ᠱᠠᠭᠠᠷᠳᠠᠯᠭ᠎ᠠ ᠪᠠ ᠲᠦᠷᠢᠮ ᠢ ᠳᠤᠭᠳᠠᠭᠠᠪᠠ᠃
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ