【ᠬᠠᠶᠢᠷ᠎ᠠ ᠬᠠᠯᠠᠮᠵᠢᠳᠤ ᠢᠨᠵᠧᠨᠧᠷᠢᠩ】ᠬᠠᠷᠠᠯᠲᠠ᠄ ᠡᠷᠦᠬᠡ ᠪᠣᠯᠭᠠᠨ ᠳᠤ ︽ᠪᠠᠶᠢᠭᠠᠯᠢ ᠶᠢᠨ ᠰᠢᠳᠠᠮᠠᠬᠠᠢ ᠬᠡᠢ︾ ᠨᠡᠪᠳᠡᠷᠡᠬᠦᠯᠵᠤ᠂ ᠳ᠋ᠦᠩᠱᠧᠩ ᠤᠨ    ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠠᠵᠢᠯ ᠤᠨ ᠬᠤᠷᠳᠤᠳᠬᠠᠬᠤ ᠳᠠᠷᠤᠪᠴᠢ ᠶᠢ ᠳᠠᠷᠤᠪᠠ
ᠨᠡᠶᠢᠲᠡᠯᠡᠭᠰᠡᠨ ᠴᠠᠭ᠄
2024/4/23
     ︽ᠰᠠᠭᠤᠭᠠᠯᠢ ᠲᠣᠭᠤᠷᠢᠭ ᠲᠤ ᠨᠡᠭᠦᠵᠦ ᠣᠷᠣᠭᠰᠠᠨ ᠠᠴᠠ ᠠᠪᠤᠭᠠᠳ ᠪᠠᠶᠢᠭᠠᠯᠢ ᠶᠢᠨ ᠰᠢᠳᠠᠮᠠᠬᠠᠢ ᠬᠡᠢ ᠨᠡᠪᠳᠡᠷᠡᠵᠤ ᠴᠢᠳᠠᠭᠰᠠᠨ ᠦᠭᠡᠢ᠂ ᠨᠢᠳᠤᠨᠤᠨ ᠵᠠᠰᠠᠭ ᠤᠨ ᠣᠷᠳᠣᠨ ᠠᠴᠠ ᠮᠠᠨ ᠤ ᠰᠠᠭᠤᠭᠠᠯᠢ ᠲᠣᠭᠤᠷᠢᠭ ᠲᠤ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠶᠢ ᠨᠡᠮᠡᠵᠦ ᠤᠭᠰᠠᠷᠠᠭᠰᠠᠨ ᠶᠤᠮ᠂ ᠤᠳᠠᠯ ᠦᠭᠡᠢ ᠰᠢᠳᠠᠮᠠᠬᠠᠢ ᠬᠡᠢ ᠢᠷᠡᠬᠦ ᠤᠴᠢᠷ ᠠᠴᠠ ᠬᠤᠵᠢᠮ ᠬᠤᠭᠤᠯᠠ ᠬᠢᠬᠦ ᠳᠤ ᠮᠠᠰᠢ ᠳᠥᠭᠦᠮ ᠪᠤᠯᠤᠨ᠎ᠠ︾ ᠭᠡᠵᠦ ᠳ᠋ᠦᠩᠱᠧᠩ ᠲᠣᠭᠤᠷᠢᠭ ᠤᠨ ᠸᠠᠨ ᠶᠧ ᠰᠢᠶᠠᠩ ᠷᠦᠢ ᠵᠢᠦᠢ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠴᠢ ᠱᠧ ᠮᠧᠢ ᠢᠨᠢᠶᠡᠮᠰᠦᠭᠯᠡᠨ ᠬᠡᠯᠡᠯ᠎ᠡ᠃
001.jpg
     ︽ᠬᠠᠶᠢᠷ᠎ᠠ ᠬᠠᠯᠠᠮᠵᠢᠳᠤ ᠢᠨᠵᠧᠨᠧᠷᠢᠩ︾ ᠨᠢ ᠠᠷᠠᠳ ᠢᠷᠭᠡᠳ ᠤᠨ ᠭᠡᠷ ᠪᠦᠯᠢ ᠶᠢ ᠳᠤᠯᠠᠭᠠᠴᠠᠭᠤᠯᠬᠤ ᠪᠠᠷ ᠪᠠᠷᠠᠬᠤ ᠦᠭᠡᠢ᠂ ᠨᠡᠩ ᠴᠤ ᠠᠷᠠᠳ ᠢᠷᠭᠡᠳ ᠤᠨ ᠰᠡᠳᠬᠢᠯ ᠢ ᠳᠤᠯᠠᠭᠠᠴᠠᠭᠤᠯᠬᠤ ᠶᠤᠰᠤᠳᠠᠢ᠃ ᠪᠠᠶᠢᠭᠠᠯᠢ ᠶᠢᠨ ᠰᠢᠲᠠᠮᠠᠬᠠᠢ ᠬᠡᠢ ᠶᠢ ᠪᠦᠬᠦᠨ ᠢ ᠪᠦᠷᠬᠦᠭᠦᠯᠬᠦ ᠶᠢ ᠲᠦᠷᠭᠡᠳᠬᠡᠨ ᠠᠬᠢᠭᠤᠯᠬᠤ ᠪᠣᠯ ᠳᠠᠷᠤᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ︽ᠳᠤᠯᠠᠭᠠᠨ ᠢᠨᠵᠧᠨᠧᠷᠢᠩ︾ ᠪᠣᠯᠣᠨ᠎ᠠ᠃ ᠥᠪᠡᠷᠲᠡᠭᠡᠨ ᠵᠠᠰᠠᠬᠤ ᠣᠷᠣᠨ᠂ ᠣᠷᠳᠣᠰ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠲᠣᠬᠢᠷᠠᠭᠤᠯᠤᠨ ᠪᠠᠶᠢᠷᠢᠯᠠᠭᠤᠯᠤᠭᠰᠠᠨ ᠤ ᠳᠠᠷᠠᠭ᠎ᠠ᠂ ᠳ᠋ᠦᠩᠱᠧᠩ ᠲᠤᠭᠤᠷᠢᠭ ᠦᠳᠳᠡᠷ ᠳᠦᠷᠭᠡᠨ ᠬᠥᠳᠡᠯᠦᠯᠴᠡᠵᠦ᠂ ᠪᠦᠬᠦ ᠲᠤᠭᠤᠷᠢᠭ ᠤᠨ ᠡᠷᠦᠭᠡ ᠪᠦᠷᠢ ᠳᠤ ᠪᠠᠶᠢᠭᠠᠯᠢ ᠶᠢᠨ ᠰᠢᠲᠠᠮᠠᠬᠠᠢ ᠬᠡᠢ ᠨᠡᠪᠳᠡᠷᠡᠵᠤ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠯᠲᠠ ᠬᠢᠵᠡᠢ᠃ ᠣᠶᠢᠯᠠᠭᠠᠭᠰᠠᠨ ᠢᠶᠠᠷ᠂ ᠣᠳᠣᠬᠠᠨ ᠳᠤ ᠳ᠋ᠦᠩᠱᠧᠩ ᠳᠤ ᠨᠡᠶᠢᠲᠡ 91 ᠰᠠᠭᠤᠭᠠᠯᠢ ᠲᠣᠭᠤᠷᠢᠭ 340 ᠠᠰᠠᠷ 16265 ᠡᠷᠦᠬᠡ ᠳᠤ ᠪᠠᠶᠢᠭᠠᠯᠢ ᠶᠢᠨ ᠰᠢᠲᠠᠮᠠᠬᠠᠢ ᠬᠡᠢ ᠨᠡᠪᠲᠡᠷᠡᠭᠡᠳᠦᠢ ᠪᠠᠶᠢᠵᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠨᠡᠶᠢᠳᠡᠮ ᠪᠦᠷᠬᠦᠭᠦᠯᠬᠦ ᠳᠤ ᠪᠠᠷᠤᠭ 1.23 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ᠂ ᠡᠭᠦᠨ ᠳᠤ ᠰᠠᠭᠤᠭᠠᠯᠢ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠤᠷᠤᠭᠤᠯᠬᠤ ᠵᠠᠷᠤᠳᠠᠯ ᠪᠠ ᠬᠤᠭᠤᠯᠠᠢ ᠶᠢ ᠤᠭᠰᠠᠷᠠᠬᠤ ᠵᠠᠷᠤᠳᠠᠯ ᠪᠠᠭᠲᠠᠨ᠎ᠠ᠃
002.jpg
     ᠳ᠋ᠦᠩᠱᠧᠩ ᠲᠤᠭᠤᠷᠢᠭ 3 ᠵᠢᠯ ᠤᠨ ᠴᠠᠭ ᠢ ᠠᠰᠢᠭᠯᠠᠨ ᠪᠦᠬᠦ ᠰᠠᠭᠤᠭᠠᠯᠢ ᠲᠤᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠂ ᠡᠭᠦᠨ ᠳᠤ 2024 ᠣᠨ ᠳᠤ 35 ᠰᠠᠭᠤᠭᠠᠯᠢ ᠲᠣᠭᠤᠷᠢᠭ ᠲᠤ ᠪᠠᠶᠢᠭᠠᠯᠢ ᠶᠢᠨ ᠰᠢᠲᠠᠮᠠᠬᠠᠢ ᠬᠡᠢ ᠶᠢ ᠨᠡᠪᠲᠡᠷᠡᠭᠦᠯᠬᠦ ᠪᠠᠷ ᠲᠥᠯᠥᠪᠯᠡᠵᠦ ᠪᠤᠢ᠃
003.jpg
     ᠨᠢᠳᠤᠨᠤᠨ ᠠᠴᠠ ᠡᠬᠢᠯᠡᠨ᠂ ᠳ᠋ᠦᠩᠱᠧᠩ ᠨᠢᠭᠡᠨᠲᠡ ᠸᠠᠨ ᠶᠧ ᠰᠢᠶᠠᠩ ᠷᠦᠢ ᠵᠢᠦᠢ᠂ ᠵᠢᠢ ᠲᠠᠢ ᠰᠢᠨ ᠶᠤᠸᠠᠨ᠂ ᠯᠧᠢ ᠶᠠᠩ ᠱᠢ ᠵᠢᠢ ᠴᠧᠩ᠂ ᠨᠠᠨ ᠬᠤ᠋ ᠭᠥᠸᠧ ᠵᠢᠢ ᠵᠡᠷᠭᠡ 15 ᠰᠠᠭᠤᠭᠠᠯᠢ ᠲᠣᠭᠤᠷᠢᠭ ᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠭᠰᠠᠷᠠᠬᠤ ᠪᠦᠲᠦᠭᠡᠨ ᠪᠠᠶᠢᠭᠤᠯᠤᠯᠲᠠ ᠬᠢᠵᠡᠢ᠃ ᠣᠲᠣ ᠪᠣᠯᠲᠠᠯ᠎ᠠ᠂ ᠡᠨᠡ 15 ᠰᠠᠭᠤᠭᠠᠯᠢ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠭᠰᠠᠷᠠᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠨᠢᠭᠡᠨᠲᠡ ᠪᠦᠬᠦᠨ ᠢ ᠳᠠᠭᠤᠰᠬᠠᠵᠤ᠂ 2024 ᠣᠨ ᠳᠤ ᠪᠥᠬᠦ ᠲᠠᠯ᠎ᠠ ᠪᠠᠷ ᠬᠡᠢ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠃ ᠬᠠᠪᠤᠷ ᠤᠨ ᠡᠬᠢ ᠪᠠᠷ ᠬᠡᠰᠡᠭ ᠰᠠᠭᠤᠭᠠᠯᠢ ᠲᠣᠭᠤᠷᠢᠭ ᠤᠨ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠲᠣᠣᠷ ᠤᠭᠰᠠᠷᠠᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠴᠤ ᠠᠵᠢᠯ ᠢᠶᠠᠨ ᠰᠡᠷᠭᠦᠭᠡᠵᠡᠢ᠃      ︽ᠪᠠᠶᠢᠭᠠᠯᠢ ᠶᠢᠨ ᠰᠢᠲᠠᠮᠠᠬᠠᠢ ᠬᠡᠢ ᠶᠢ ᠨᠡᠶᠢᠳᠡᠮ ᠪᠦᠷᠬᠦᠭᠦᠯᠬᠦ ᠶᠢ ᠲᠦᠷᠭᠡᠳᠬᠡᠨ ᠠᠬᠢᠭᠤᠯᠬᠤ ᠪᠣᠯ ᠮᠠᠨ ᠤ ᠰᠠᠯᠠᠭ᠎ᠠ ᠮᠥᠴᠢᠷ ᠤᠨ ᠠᠵᠢᠯ ᠤᠨ ᠭᠤᠣᠯᠳᠠᠯᠭ᠎ᠠ ᠮᠥᠨ᠂ ᠢᠯᠠᠩᠭᠤᠶ᠎ᠠ ᠰᠢᠨ᠎ᠡ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠨᠠᠶᠢᠳᠠᠪᠤᠷᠢᠵᠢᠭᠤᠯᠬᠤ ᠪᠤᠯ ᠠᠵᠢᠯ ᠤᠨ ᠭᠤᠤᠯᠳᠠᠯᠭ᠎ᠠ ᠪᠤᠯᠤᠨ᠎ᠠ᠂ ᠡᠨᠡ ᠵᠢᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 35 ᠰᠠᠭᠤᠭᠠᠯᠢ ᠲᠣᠭᠤᠷᠢᠭ ᠤᠨ ᠳᠣᠲᠣᠷ᠎ᠠ᠂ ᠰᠢᠶᠠᠩ ᠾᠧ ᠰᠠᠭᠤᠭᠠᠯᠢ ᠲᠣᠭᠤᠷᠢᠭ᠂ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠷᠠᠭᠤᠨ ᠠᠰᠠᠷ ᠵᠡᠷᠭᠡ 13 ᠰᠠᠭᠤᠭᠠᠯᠢ ᠲᠣᠭᠤᠷᠢᠭ ᠤᠨ ᠲᠥᠯᠦᠪᠵᠢᠭᠦᠯᠭᠡ ᠶᠢᠨ ᠭᠠᠷᠳᠠᠮ ᠢ ᠨᠢᠭᠡᠨᠲᠡ ᠬᠢᠨᠠᠨ ᠵᠦᠪᠰᠢᠶᠡᠷᠡᠵᠤ᠂ ᠵᠢᠱᠢᠯᠲᠡ ᠪᠠᠷ 5 ᠰᠠᠷ᠎ᠠ ᠳᠤ ᠠᠵᠢᠯ ᠢᠶᠠᠨ ᠡᠬᠢᠯᠡᠬᠦᠯᠬᠦ ᠪᠣᠯᠣᠨ᠎ᠠ︾ ᠭᠡᠵᠤ ᠳ᠋ᠦᠩᠱᠧᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠸᠠᠩ ᠶᠦᠩ ᠲᠠᠨᠢᠯᠴᠠᠭᠤᠯᠪᠠ᠃      ︽ᠬᠠᠶᠢᠷ᠎ᠠ ᠬᠠᠯᠠᠮᠵᠢᠳᠤ ᠢᠨᠵᠧᠨᠧᠷᠢᠩ︾᠂ ︽ᠠᠷᠠᠳ ᠤᠨ ᠰᠡᠳᠬᠢᠯ ᠤᠨ ᠢᠨᠵᠧᠨᠧᠷᠢᠩ︾ ᠤᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠳ᠋ᠦᠩᠱᠧᠩ ᠲᠤᠭᠤᠷᠢᠭ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠪᠠ ᠪᠤᠳᠠᠳᠠᠢ ᠠᠴᠠ ᠡᠬᠦᠰᠴᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠪᠦᠬᠦᠨ ᠢ ᠪᠦᠷᠬᠦᠭᠦᠯᠬᠦ ᠶᠢ ᠠᠬᠢᠭᠤᠯᠤᠨ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠡᠪᠴᠢᠶᠡᠨ ᠳᠤ ᠬᠤᠯᠪᠣᠭᠳᠠᠭᠰᠠᠨ 6 ᠰᠠᠭᠤᠭᠠᠯᠢ ᠲᠣᠭᠤᠷᠢᠭ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠭᠡᠷᠡᠴᠢᠯᠡᠨ ᠪᠠᠶᠢᠭᠤᠯᠬᠤ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠰᠠᠭᠤᠭᠠᠯᠢ ᠠᠷᠠᠳ ᠥᠪᠡᠷ ᠢᠶᠠᠨ 20% ᠤᠨ ᠪᠡᠯᠡ ᠮᠦᠩᠬᠦ ᠭᠠᠷᠴᠤ᠂ ᠵᠠᠰᠠᠭ ᠤᠨ ᠤᠷᠳᠤᠨ ᠠᠴᠠ 80% ᠶᠢᠨ ᠪᠡᠯᠡ ᠮᠥᠩᠭᠦ ᠭᠠᠷᠭᠠᠵᠤ ᠬᠠᠭᠤᠴᠢᠨ ᠰᠠᠭᠤᠭᠠᠯᠢ ᠲᠤᠭᠤᠷᠢᠭ ᠢ ᠦᠬᠡᠷᠡᠴᠢᠯᠡᠨ ᠰᠢᠨᠡᠴᠢᠯᠡᠬᠦ ᠪᠠᠷ ᠲᠥᠯᠥᠪᠯᠡᠵᠦ ᠪᠤᠢ᠃
004.jpg
     ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠳᠤ ᠬᠤᠯᠪᠣᠭᠳᠠᠭᠰᠠᠨ 29 ᠰᠠᠭᠤᠭᠠᠯᠢ ᠲᠣᠭᠤᠷᠢᠭ ᠲᠤ᠂ ᠳ᠋ᠦᠩᠱᠧᠩ ᠲᠣᠭᠤᠷᠢᠭ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠭᠰᠠᠨ ᠪᠠᠶᠢᠨ᠎ᠠ᠃ ᠨᠢᠭᠡ ᠲᠠᠯ᠎ᠠ ᠪᠠᠷ ᠤᠯᠤᠰ ᠤᠨ ᠬᠠᠮᠤᠭ ᠤᠨ ᠰᠢᠨ᠎ᠡ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠨᠢᠭᠡ ᠠᠯᠬᠤᠮ ᠱᠠᠯᠠᠪᠳᠠᠭᠤᠯᠪᠠ᠃ ᠵᠢᠱᠢᠶᠡᠯᠡᠪᠡᠯ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠦᠨᠡᠬᠡᠷ ᠬᠤᠯᠪᠣᠭᠳᠠᠯ ᠪᠦᠬᠦᠢ ᠵᠠᠷᠤᠳᠠᠯ ᠢ ᠲᠥᠯᠥᠬᠦ ᠴᠢᠳᠠᠯ ᠦᠭᠡᠢ ᠪᠠᠶᠢᠪᠠᠯ᠂ ᠡᠳ᠋ ᠬᠥᠷᠥᠩᠭᠡ ᠪᠠᠨ ᠪᠠᠷᠢᠴᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠷᠢᠳ ᠢᠶᠠᠷ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠳᠤ ᠬᠡᠷᠡᠭᠯᠡᠬᠦ ᠪᠠᠶᠢᠭᠠᠯᠢ ᠶᠢᠨ ᠰᠢᠳᠠᠮᠠᠬᠠᠢ ᠬᠡᠢ ᠶᠢ ᠪᠠᠲᠤᠯᠠᠨ᠎ᠠ︔ ᠨᠦᠬᠦᠬᠡ ᠲᠠᠯ᠎ᠠ ᠪᠠᠷ ᠬᠡᠷᠪᠡ ᠠᠵᠤ ᠠᠬᠤᠶᠢᠯᠠᠯ ᠤᠨ ᠡᠵᠡᠩᠨᠡᠯᠳᠡ ᠵᠤᠭᠰᠤᠩᠭᠤᠶᠢᠷᠠᠭᠰᠠᠨ ᠪᠠ ᠤᠰᠠᠳᠤᠭᠰᠠᠨ ᠪᠤᠶᠤ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠪᠠᠷᠢᠴᠠᠭᠠᠯᠠᠬᠤ ᠬᠥᠷᠥᠩᠭᠡ ᠶᠢᠨ ᠲᠥᠯᠥᠪᠯᠡᠭᠡ ᠶᠢ ᠦᠨᠡᠨᠬᠦ ᠡᠭᠦᠷᠭᠡᠯᠡᠵᠦ ᠳᠡᠶᠢᠯᠬᠦ ᠦᠭᠡᠢ ᠬᠠᠩᠭᠠᠵᠤ ᠳᠡᠶᠢᠯᠬᠦ ᠦᠭᠡᠢ ᠪᠠᠶᠢᠪᠠᠯ᠂ ᠮᠠᠨ ᠤ ᠲᠤᠭᠤᠷᠢᠭ ᠤᠨ ᠶᠠᠭ ᠥᠷᠨᠢᠭᠦᠯᠵᠦ ᠪᠠᠶᠢᠭ᠎ᠠ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠰᠠᠭᠤᠭᠠᠯᠢ ᠠᠷᠠᠳ ᠥᠪᠡᠷ ᠲᠡᠭᠡᠨ 20% ᠶᠢᠨ ᠪᠡᠯᠡ ᠮᠦᠩᠬᠦ ᠭᠠᠷᠭᠠᠵᠤ᠂ ᠵᠠᠰᠠᠭ ᠤᠨ ᠤᠷᠳᠤᠨ ᠠᠴᠠ 80% ᠶᠢ ᠡᠭᠦᠷᠭᠡᠯᠡᠬᠦ ᠠᠷᠭ᠎ᠠ ᠮᠠᠶ᠋ᠢᠭ ᠢᠶᠠᠷ ᠪᠡᠯᠡ ᠮᠥᠩᠭᠦ ᠴᠤᠭᠯᠠᠭᠤᠯᠵᠤ᠂ ᠳ᠋ᠦᠩᠱᠧᠩ ᠤᠨ ᠡᠷᠥᠭᠡ ᠪᠥᠬᠦᠨ ᠴᠥᠮ ᠬᠠᠮᠤᠭ ᠤᠨ ᠳᠣᠣᠷ᠎ᠠ ᠥᠪᠡᠷ ᠤᠨ ᠥᠷᠳᠡᠭ ᠢᠶᠠᠷ ᠪᠠᠶᠢᠭᠠᠯᠢ ᠶᠢᠨ ᠰᠢᠲᠠᠮᠠᠬᠠᠢ ᠬᠡᠢ ᠶᠢ ᠬᠡᠷᠡᠭᠯᠡᠬᠦ ᠶᠢ ᠦᠨᠡᠨᠬᠦ ᠪᠠᠳᠤᠯᠠᠨ᠎ᠠ᠃
005.jpg
     ᠠᠯᠢ ᠤᠯᠠᠨ ᠠᠷᠭ᠎ᠠ ᠬᠡᠮᠵᠢᠶ᠎ᠡ ᠲᠥᠰᠥᠯ ᠨᠢ ᠳ᠋ᠦᠩᠱᠧᠩ ᠲᠤᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠡᠷᠦᠬᠡ ᠪᠦᠬᠦᠨ ᠳᠤ ᠪᠦᠷᠬᠦᠭᠦᠯᠬᠦ ᠶᠢ ᠲᠦᠷᠭᠡᠳᠬᠡᠨ ᠠᠬᠢᠭᠤᠯᠬᠤ ᠵᠣᠷᠢᠭ ᠢ ᠢᠯᠡᠷᠡᠭᠦᠯᠦᠭᠰᠡᠨ ᠪᠥᠭᠡᠳ ᠳ᠋ᠦᠩᠱᠧᠩ ᠤᠨ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠬᠤ ᠬᠠᠳᠠᠨ ᠵᠣᠷᠢᠭ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠪᠠᠶᠢᠭ᠎ᠠ ᠶᠢ ᠬᠠᠷᠠᠭᠤᠯᠵᠤ ᠪᠠᠶᠢᠨ᠎ᠠ︕
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ