ᠨᠢᠭᠡᠳᠦᠭᠡᠷ ᠤᠯᠠᠷᠢᠯ ᠳᠤ ᠰᠢᠨ᠎ᠡ ᠪᠠᠷ ᠬᠥᠭᠵᠢᠭᠰᠡᠨ ᠬᠥᠳᠡᠯᠭᠡᠬᠦ ᠡᠨᠧᠷᠭᠢ ᠲᠠᠰᠤᠷᠠᠯᠲᠠ ᠦᠭᠡᠢ ᠬᠥᠭᠵᠢᠪᠡ
ᠨᠡᠶᠢᠲᠡᠯᠡᠭᠰᠡᠨ ᠴᠠᠭ᠄
2024/4/23
    ᠲᠣᠨᠣᠭᠯᠠᠯ ᠦᠢᠯᠡᠳᠬᠦ ᠦᠢᠯᠡᠰ ᠤᠨ ᠬᠥᠳᠡᠯᠭᠡᠬᠦ ᠬᠦᠴᠦᠨ ᠳᠡᠬᠦᠯᠳᠡᠷ ᠪᠠᠶᠢᠨ᠎ᠠ᠃ ᠨᠢᠭᠡᠳᠦᠭᠡᠷ ᠤᠯᠠᠷᠢᠯ ᠳᠤ᠂ ᠳ᠋ᠦᠩᠱᠧᠩ ᠲᠣᠭᠤᠷᠢᠭ ᠤᠨ ᠲᠤᠨᠤᠭᠯᠠᠯ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.4 ᠳᠠᠬᠢᠨ ᠨᠡᠮᠡᠭᠳᠡᠵᠦ᠂ ᠪᠡᠯᠡ ᠣᠷᠣᠭᠤᠯᠤᠯᠲᠠ ᠳᠤ ᠡᠵᠡᠯᠡᠬᠦ ᠬᠤᠪᠢ  ᠶᠢᠨ ᠵᠢᠩ ᠨᠢ 84.9% ᠪᠠᠶᠢᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ 85.5 ᠵᠠᠭᠤᠨ ᠤ ᠬᠤᠪᠢ ᠳᠠᠶᠢᠴᠢᠯᠠᠪᠠ᠃     ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠬᠥᠭᠵᠢᠪᠡ᠃ 1 — 2 ᠰᠠᠷ᠎ᠠ ᠳᠤ᠂ ᠳ᠋ᠦᠩᠱᠧᠩ ᠲᠣᠭᠤᠷᠢᠭ ᠤᠨ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 3.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠪᠡ︔ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 4.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃     ᠰᠦᠯᠵᠢᠶᠡᠨ ᠤ ᠪᠣᠷᠤᠯᠠᠭᠤᠯᠭ᠎ᠠ ᠳᠡᠭᠡᠳᠦ ᠬᠤᠷᠳᠤᠴᠠ ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠰᠦᠯᠵᠢᠶᠡᠨ ᠳᠠᠬᠢ ᠪᠤᠷᠤᠯᠠᠭᠤᠯᠤᠯᠳᠠ ᠶᠢᠨ ᠬᠡᠮᠵᠢᠶ᠎ᠡ 3.03 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 71% ᠪᠠᠷ ᠨᠡᠮᠡᠭᠳᠡᠨ᠂ 1 — 2 ᠰᠠᠷ᠎ᠠ ᠶᠢᠨ ᠬᠢ ᠠᠴᠠ 25.6 ᠵᠠᠭᠤᠨ ᠤ ᠬᠤᠪᠢ ᠳᠡᠭᠡᠭᠰᠢᠯᠡᠵᠦ᠂ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ 10.1% ᠶᠢ ᠡᠵᠡᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ