ᠨᠢᠭᠡᠳᠦᠭᠡᠷ ᠤᠯᠠᠷᠢᠯ ᠤᠨ ᠠᠰᠢᠭ ᠣᠷᠣᠯᠭ᠎ᠠ ᠶᠢᠨ ᠦᠷ᠎ᠡ ᠠᠰᠢᠭ ᠦᠷᠭᠦᠯᠵᠢᠯᠡᠨ ᠰᠡᠷᠭᠦᠪᠡ
ᠨᠡᠶᠢᠲᠡᠯᠡᠭᠰᠡᠨ ᠴᠠᠭ᠄
2024/4/23
    ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠳ᠋ᠦᠩᠱᠧᠩ ᠲᠣᠭᠤᠷᠢᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 22.55 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 4 % ᠪᠠᠷ ᠨᠡᠮᠡᠭᠳᠡᠪᠡ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ ᠶᠢ 17.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 79.4% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ ᠶᠢ 4.65 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 20.6% ᠶᠢ ᠡᠵᠡᠯᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 27.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ᠃ ᠡᠭᠦᠨ ᠳᠤ ᠠᠷᠠᠳ ᠤᠨ ᠠᠮᠢᠳᠤᠷᠠᠯ ᠤᠨ ᠵᠠᠷᠤᠯᠭ᠎ᠠ 24.83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.5% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 89.2% ᠢ ᠡᠵᠡᠯᠡᠪᠡ᠃     ᠠᠵᠤ ᠠᠬᠤᠶᠢᠯᠠᠯ ᠤᠨ ᠦᠷ᠎ᠡ ᠠᠰᠢᠭ ᠤᠨ ᠪᠠᠭᠤᠷᠠᠬᠤ ᠬᠡᠮᠵᠢᠶ᠎ᠡ ᠪᠠᠭᠠᠰᠪᠠ᠃ 1 — 2 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠬᠦᠯᠦᠭᠰᠡᠨ ᠡᠵᠡᠩᠨᠡᠯᠲᠡ ᠶᠢᠨ ᠣᠷᠣᠯᠭ᠎ᠠ 136.2 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 0.05% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 29.4 ᠵᠠᠭᠤᠨ ᠤ ᠬᠤᠪᠢ ᠪᠠᠶᠢᠪᠠ︔ ᠡᠳ᠋ ᠬᠥᠷᠥᠩᠭᠡ ᠨᠡᠶᠢᠲᠡ 2677.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.64% ᠪᠠᠷ ᠨᠡᠮᠡᠭᠳᠡᠪᠡ︔ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 33.1 ᠳ᠋ᠦᠩᠰᠢᠭᠤᠷ ᠲᠥᠭᠦᠷᠢᠭ ᠲᠤ ᠬᠦᠷᠴᠡᠶ᠃     ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠦᠷᠭᠦᠯᠵᠢᠯᠡᠨ ᠰᠠᠶᠢᠵᠢᠷᠠᠪᠠ᠃ ᠨᠢᠭᠡᠳᠦᠭᠡᠷ ᠤᠯᠠᠷᠢᠯ ᠳᠤ᠂ ᠳ᠋ᠦᠩᠱᠧᠩ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15007 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 17320 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 12769 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ