ᠨᠢᠭᠡᠳᠦᠭᠡᠷ ᠤᠯᠠᠷᠢᠯ ᠤᠨ ᠦᠢᠯᠡᠳᠪᠦᠷᠢᠯᠡᠯ ᠤᠨ ᠬᠠᠩᠭᠠᠯᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/4/23
    ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠤᠷᠳᠤᠴᠠ ᠲᠦᠷᠭᠡᠳᠴᠤ ᠦᠷ᠎ᠡ ᠠᠰᠢᠭ ᠨᠢ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠳ᠋ᠦᠩᠱᠧᠩ ᠲᠣᠭᠤᠷᠢᠭ ᠤᠨ ᠠᠵᠤ ᠦᠢᠯᠡᠳᠪᠦᠷᠢ 90.49 ᠳ᠋ᠦᠩᠰᠢᠭᠤᠷ ᠲᠥᠭᠦᠷᠢᠭ ᠤᠨ ᠨᠡᠮᠡᠭᠳᠡᠯ ᠦᠷᠳᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 55.4% ᠳᠤ ᠬᠦᠷᠴᠦ᠂ GDP ᠶᠢᠨ ᠨᠡᠮᠡᠭᠳᠡᠯ ᠢ 3.2 ᠵᠠᠭᠤᠨ ᠤ ᠬᠤᠪᠢ ᠪᠠᠷ ᠲᠠᠶᠢᠴᠢᠯᠠᠵᠠᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠤᠷᠤᠪᠠ᠃ ᠭᠤᠷᠪᠠᠨ ᠶᠡᠭᠡ ᠲᠦᠷᠦᠯ ᠵᠦᠢᠯ ᠪᠦᠬᠦ ᠲᠠᠯ᠎ᠠ ᠪᠠᠷ ᠨᠡᠮᠡᠭᠳᠡᠪᠡ᠃ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃ ᠵᠢᠷᠭᠤᠭᠠᠨ ᠬᠤᠪᠢ ᠶᠢᠨ ᠠᠵᠢᠯ ᠲᠦᠷᠦᠯ ᠤᠨ ᠦᠢᠯᠡᠳᠬᠦᠨ ᠤ ᠦᠷᠳᠡᠭ ᠨᠡᠮᠡᠭᠳᠡᠯ ᠢᠶᠠᠨ ᠪᠠᠲᠤᠯᠠᠪᠠ᠃ 20 ᠠᠵᠢᠯ ᠲᠦᠷᠦᠯ ᠤᠨ ᠦᠢᠯᠡᠳᠬᠦᠨ ᠤ ᠦᠷᠲᠡᠭ ᠤᠨ ᠳᠣᠲᠣᠷ᠎ᠠ ᠠᠴᠠ 12 ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 60% ᠳᠤ ᠬᠦᠷᠪᠡ᠃ ᠦᠢᠯᠡᠳᠬᠦᠨ ᠤ ᠭᠠᠷᠤᠯᠲᠠ ᠲᠦᠷᠭᠡᠨ ᠢᠶᠠᠷ ᠨᠡᠮᠡᠭᠳᠡᠪᠡ᠃ 18 ᠠᠵᠢᠯ ᠲᠥᠷᠥᠯ ᠤᠨ ᠦᠢᠯᠡᠳᠬᠦᠨ ᠤ ᠳᠣᠲᠣᠷ᠎ᠠ᠂ 14 ᠲᠥᠷᠥᠯ ᠤᠨ ᠦᠢᠯᠡᠳᠬᠦᠨ ᠤ ᠭᠠᠷᠤᠯᠲᠠ ᠶᠢᠨ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ  ᠨᠢ 77.8% ᠳᠤ ᠬᠦᠷᠴᠡᠢ᠂ ᠡᠭᠦᠨ ᠳᠤ 8 ᠲᠥᠷᠥᠯ ᠤᠨ ᠦᠢᠯᠡᠳᠬᠦᠨ ᠤ ᠭᠠᠷᠤᠯᠲᠠ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢ ᠨᠡᠮᠡᠭᠳᠡᠭᠰᠡᠨ ᠪᠠᠶᠢᠨ᠎ᠠ᠃     ᠦᠢᠯᠡᠴᠢᠯᠡᠭᠡᠨ ᠤ ᠦᠢᠯᠡᠰ ᠤᠨ ᠠᠵᠤ ᠠᠬᠤᠢ ᠲᠣᠭᠲᠠᠭᠤᠨ ᠢᠶᠠᠷ ᠰᠡᠷᠭᠦᠪᠡ᠃ ᠨᠢᠭᠡᠳᠦᠭᠡᠷ ᠤᠯᠠᠷᠢᠯ ᠳᠤ ᠳ᠋ᠦᠩᠱᠧᠩ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 152.76 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠵᠦ᠂ GDP ᠳᠠᠬᠢ ᠬᠤᠪᠢ ᠶᠢᠨ ᠵᠢᠩ ᠨᠢ 58.33% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ 2.8 ᠵᠠᠭᠤᠨ ᠤ ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 48.8% ᠳᠤ ᠬᠦᠷᠪᠡ᠃ 1 — 2 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 30.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 6.3% ᠪᠠᠷ ᠪᠠᠭᠤᠷᠠᠪᠠ᠃ ᠡᠭᠦᠨ ᠳᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 20.6 ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 67.1% ᠶᠢ ᠡᠵᠡᠯᠡᠪᠡ᠃     ᠡᠨᠧᠷᠭᠢ ᠶᠢᠨ ᠬᠠᠩᠭᠠᠯᠭ᠎ᠠ ᠶᠢ ᠪᠦᠲᠦᠮᠵᠢᠲᠡᠢ ᠪᠠᠲᠤᠯᠠᠪᠠ᠃ ᠨᠢᠭᠡᠳᠦᠭᠡᠷ ᠤᠯᠠᠷᠢᠯ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠭᠦᠷᠡᠰᠦᠨ ᠤ ᠭᠠᠷᠤᠯᠲᠠ 2954.17 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.4% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠢᠯᠴᠢ ᠶᠢᠨ ᠬᠦᠴᠦᠨ ᠤ ᠭᠠᠷᠤᠯᠲᠠ 1186.54 ᠲᠦᠮᠡᠨ ᠵᠢᠶ ᠵᠢᠶᠤᠤ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 39.85 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠪᠠᠭᠤᠷᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ