ᠣᠷᠳᠣᠰ ᠬᠤᠲᠠ ᠵᠢᠴᠢ ᠳ᠋ᠦᠩᠱᠧᠩ ᠲᠣᠭᠤᠷᠢᠭ ᠤᠨ 36 ᠳᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠣᠷᠳᠣᠰ ᠤᠨ ᠬᠦᠷᠡᠯ ᠰᠣᠶᠣᠯ ᠤᠨ ᠠᠭᠤᠳᠠᠮ ᠲᠠᠯᠠᠪᠠᠶ ᠳᠤ ᠡᠬᠢᠯᠡᠪᠡ
ᠨᠡᠶᠢᠲᠡᠯᠡᠭᠰᠡᠨ ᠴᠠᠭ᠄
2024/4/24
    4 ᠰᠠᠷ᠎ᠠ ᠶᠢᠨ 23 ᠤ ᠡᠳᠦᠷ᠂ ᠣᠷᠳᠣᠰ ᠬᠤᠲᠠ ᠵᠢᠴᠢ ᠳ᠋ᠦᠩᠱᠧᠩ ᠲᠣᠭᠤᠷᠢᠭ ᠤᠨ 36 ᠳᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠣᠷᠳᠣᠰ ᠤᠨ ᠬᠦᠷᠡᠯ ᠰᠣᠶᠣᠯ ᠤᠨ ᠠᠭᠤᠳᠠᠮ ᠲᠠᠯᠠᠪᠠᠶ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ︽ᠡᠷᠡᠭᠦᠯ ᠡᠩᠬᠡ ᠬᠤᠲᠠ ᠪᠠᠯᠭᠠᠰᠤ  ᠡᠷᠡᠭᠦᠯ ᠮᠡᠨᠳᠦ ᠪᠡᠶ᠎ᠡ ᠶᠢᠨ ᠬᠦᠨᠳᠦ︾ ᠪᠠᠷ ᠭᠤᠤᠯ ᠰᠡᠳᠦᠪ ᠪᠣᠯᠭᠠᠵᠤ᠂ ᠰᠢᠨ᠎ᠡ ᠨᠢᠭᠡ ᠦᠶᠡᠯᠡᠯ ᠤᠨ ᠬᠤᠭᠤᠴᠠᠭᠠᠨ ᠤ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠠᠬᠢᠨ ᠬᠢᠨᠠᠯᠲᠠ ᠪᠠᠷ ᠭᠠᠷᠳᠠᠴᠠ ᠪᠣᠯᠭᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠴᠡᠪᠡᠷᠯᠡᠬᠦ᠂ ᠶᠡᠬᠡᠪᠡᠷ ᠠᠷᠢᠯᠭᠠᠬᠤ᠂ ᠶᠡᠬᠡᠪᠡᠷ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠲᠥᠪᠯᠡᠷᠡᠭᠦᠯᠦᠨ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠳ᠋ᠦᠩᠱᠧᠩ ᠲᠣᠭᠤᠷᠢᠭ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠪᠠ ᠪᠣᠯᠪᠠᠰᠤᠨ ᠤ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ᠂ ᠪᠣᠬᠢᠷᠲᠤᠯ ᠥᠬᠡᠶ᠂ ᠡᠷᠡᠭᠦᠯ ᠡᠩᠬᠡ ᠬᠡᠷ ᠣᠷᠣᠨ ᠢ ᠡᠭᠦᠳᠦᠨ ᠪᠠᠶᠢᠭᠤᠯᠵᠤ ᠪᠤᠢ᠃
5.2.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ