ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 24 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠴᠦᠩᠴᠢᠩ ᠳᠤ ᠰᠢᠨᠵᠢᠯᠡᠨ | ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠴᠦᠩᠴᠢᠩ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠪᠣᠯᠣᠨ ᠨᠠᠮ ᠤᠨ ᠲᠥᠪ | ᠬᠤᠷᠢᠶ᠎ᠠ ᠠᠴᠠ ᠳᠠᠭᠠᠭᠠᠯᠭᠠᠭᠰᠠᠨ ᠡᠭᠦᠷᠭᠡ ᠪᠠᠷ ᠪᠠᠷᠢᠮᠵᠢᠶᠠᠯᠠᠵᠤ᠂ ᠬᠠᠷᠢᠴᠠᠩᠭᠤᠢ ᠳᠠᠪᠠᠭᠤᠯᠢᠭ᠂ ᠬᠤᠵᠢᠭᠤ ᠬᠥᠭᠵᠢᠯᠲᠡ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠤᠨ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ᠂ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢᠨ ᠶᠡᠷᠦᠩᠬᠡᠶᠢᠯᠡᠭᠰᠡᠨ ᠬᠦᠢᠰᠦ ᠶᠢ ᠬᠦᠴᠦᠯᠡᠨ | ᠪᠠᠶᠢᠭᠤᠯᠵᠤ᠂ ︽ᠭᠤᠷᠪᠠᠨ ᠦᠢᠯᠡᠳᠦᠯ ︾ ᠢ ᠪᠠᠳᠠᠷᠠᠭᠤᠯᠬᠤ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠦᠩᠴᠢᠩ ᠤᠨ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | 4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ | ᠰᠢ ᠶᠢᠨ ᠫᠢᠩ ᠴᠦᠩᠴᠢᠩ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠢᠰᠦ ᠬᠦᠷᠢᠶᠡᠯᠡᠩ ᠲᠣᠭᠤᠷᠢᠭ ᠤᠨ ᠴᠦᠩᠴᠢᠩ ᠤᠨ ᠲᠡᠮᠦᠷ ᠵᠠᠮ ᠤᠨ | ᠴᠢᠩᠭᠡᠯᠢᠭᠲᠦ ᠪᠠᠷᠠᠭ᠎ᠠ ᠶᠢᠨ ᠲᠡᠭᠡᠭᠡᠪᠦᠷᠢᠯᠡᠯᠲᠡ ᠶᠢᠨ ᠭᠤᠣᠯ ᠥᠷᠲᠡᠭᠡ ᠳᠤ ᠠᠴᠢᠶᠠᠨ ᠤ ᠮᠠᠰᠢᠨ ᠲᠡᠷᠭᠡᠨ ᠤ ᠵᠢᠯᠣᠭᠤᠴᠢ᠂ ᠭᠠᠯᠲᠤ ᠲᠡᠷᠭᠡᠨ ᠤ ᠵᠢᠯᠣᠭᠤᠴᠢ᠂ | ᠲᠡᠭᠡᠭᠡᠵᠦ ᠪᠠᠭᠤᠯᠭᠠᠬᠤ ᠠᠵᠢᠯᠴᠢᠨ᠂ ᠲᠠᠯᠠᠪᠤᠷ ᠥᠷᠲᠡᠭᠡ ᠶᠢᠨ ᠬᠠᠮᠢᠶᠠᠷᠤᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | 4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ ᠪᠣᠯᠣᠨ ᠬᠤᠳᠠ ᠶᠢᠨ ᠳᠠᠷᠤᠭ᠎ᠠ ᠬᠤ᠋ ᠾᠧᠩ ᠬᠤᠸᠠ ᠶᠢᠨ ᠪᠠᠷ᠎ᠠ | ᠪᠤᠯᠤᠯᠭ᠎ᠠ ᠲᠠᠢ ᠪᠠᠷ᠂ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠬᠤᠳᠠ ᠶᠢᠨ ᠨᠡᠶᠢᠭᠡᠮ ᠲᠣᠭᠤᠷᠢᠭ᠂ ᠲᠣᠭᠠᠴᠢᠯᠠᠭᠰᠠᠨ ᠬᠤᠳᠠ ᠶᠢᠨ ᠠᠵᠢᠯᠯᠠᠭᠠᠨ | ᠪᠣᠯᠣᠨ ᠵᠠᠰᠠᠯᠲᠠ ᠶᠢᠨ ᠲᠥᠪ ᠵᠡᠷᠭᠡ ᠪᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠪᠠ᠃ | | | | 4 ᠰᠠᠷ᠎ᠠ ᠶᠢᠨ 22 ᠠᠴᠠ 24 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 22 ᠤᠨ ᠦᠳᠡ ᠶᠢᠨ ᠬᠤᠶᠢᠨ᠎ᠠ᠂ | ᠰᠢ ᠶᠢᠨ ᠫᠢᠩ ᠵᠢᠦ ᠯᠦᠩ ᠫᠥᠸᠧ ᠲᠣᠭᠤᠷᠢᠭ ᠤᠨ ᠰᠢᠶᠧ ᠵᠢᠶᠠ ᠸᠠᠨ ᠵᠡᠭᠡᠯᠢ ᠭᠤᠳᠤᠮᠵᠢ ᠶᠢᠨ ᠮᠢᠨ ᠵᠦ ᠲᠣᠰᠬᠤᠨ ᠤ ᠨᠡᠶᠢᠭᠡᠮ ᠲᠣᠭᠤᠷᠢᠭ ᠲᠤ ᠰᠢᠨᠵᠢᠯᠡᠨ | ᠪᠠᠶᠢᠴᠠᠭᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | 22 ᠤᠨ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠴᠦᠩᠴᠢᠩ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠢᠰᠦ ᠬᠦᠷᠢᠶᠡᠯᠡᠩ | ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠡᠷᠡ ᠪᠠᠷᠠᠭᠤᠨ ᠣᠷᠣᠨ ᠤ ᠡᠬᠡ ᠬᠠᠭᠤᠷᠠᠢ ᠪᠠ ᠲᠡᠯᠡᠶ ᠶᠢᠨ ᠰᠢᠨ᠎ᠡ ᠨᠡᠪᠲᠡᠷᠡᠬᠦ ᠵᠠᠮ ᠤᠨ ᠴᠦᠩᠴᠢᠩ ᠤᠨ ᠬᠠᠭᠤᠷᠠᠢ | ᠭᠠᠷᠠᠮ ᠤᠨ ᠡᠵᠡᠩᠨᠡᠯᠲᠡ ᠲᠣᠬᠢᠷᠠᠭᠤᠯᠤᠯᠲᠠ ᠶᠢᠨ ᠲᠥᠪ ᠲᠤ ᠬᠦᠷᠴᠦ᠂ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠰᠢ ᠶᠢᠨ ᠫᠢᠩ᠂ ᠪᠠᠷᠠᠭᠠᠨ ᠤ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ︽ᠰᠤᠳᠠᠰᠤ ︾ ᠮᠥᠨ᠃ ᠪᠠᠷᠠᠭᠤᠨ | ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠨᠡᠪᠲᠡᠷᠡᠬᠦ ᠵᠠᠮ ᠢ ᠪᠠᠶᠢᠭᠤᠯᠬᠤ ᠨᠢ ︽ᠡᠬᠡ ᠬᠠᠭᠤᠷᠠᠢ ᠲᠠᠯᠠᠢ ᠲᠠᠩᠭᠢᠰ ᠳᠣᠲᠣᠭᠠᠳᠤ ᠭᠠᠳᠠᠭᠠᠳᠤ ᠬᠤᠯᠪᠣᠯᠳᠤᠨ | ᠬᠥᠳᠡᠯᠦᠯᠴᠡᠵᠦ᠂ ᠵᠡᠭᠦᠨᠰᠢ ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠤᠰᠠᠯᠠᠬᠤ ︾ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠤᠢ ᠪᠤᠯᠭᠠᠬᠤ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠨᠡ | ᠬᠦ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠡᠵᠡᠩᠨᠡᠵᠦ᠂ ᠪᠠᠷᠠᠭᠤᠨ ᠣᠷᠣᠨ ᠪᠣᠯᠣᠨ ᠳᠣᠲᠣᠭᠠᠳᠤ | ᠬᠠᠭᠤᠷᠠᠢ ᠶᠢᠨ ᠭᠠᠵᠠᠷ ᠣᠷᠣᠨ ᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠳᠠᠶᠢᠴᠢᠯᠠᠬᠤ ᠬᠡᠷᠡᠭᠲᠡᠢ᠃ ᠪᠠᠷᠠᠭᠠᠨ ᠤ ᠭᠦᠢᠯᠭᠡᠭᠡ ᠶᠢᠨ ᠬᠦᠷᠢᠶᠡᠯᠡᠩ | ᠲᠣᠭᠤᠷᠢᠭ ᠲᠡᠷᠢᠭᠦᠨ ᠤ ᠮᠡᠷᠭᠡᠵᠢᠯ ᠢ ᠢᠳᠡᠪᠬᠢᠲᠡᠢ ᠪᠠᠷ ᠬᠡᠷᠡᠭᠯᠡᠨ᠂ ᠬᠤᠯᠪᠤᠭᠠᠯᠠᠨ ᠲᠡᠭᠡᠭᠡᠪᠦᠷᠢᠯᠡᠬᠦ ᠵᠠᠭᠪᠤᠷ ᠢ ᠲᠠᠰᠤᠷᠠᠯᠲᠠ ᠦᠭᠡᠢ ᠰᠢᠨᠡᠳᠬᠡᠵᠦ᠂ ᠰᠢᠨᠵᠢᠯᠡᠬᠦ | ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠦᠨ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠪᠠᠶᠢᠭᠤᠯᠬᠤ ᠳᠤ ᠨᠡᠩ ᠶᠡᠭᠡ | ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠨᠢ᠂ ᠰᠢ ᠶᠢᠨ ᠫᠢᠩ ᠴᠦᠩᠴᠢᠩ ᠤᠨ ᠲᠡᠮᠦᠷ ᠵᠠᠮ ᠤᠨ ᠴᠢᠩᠭᠡᠯᠢᠭᠲᠦ ᠪᠠᠷᠠᠭ᠎ᠠ ᠶᠢᠨ ᠲᠡᠭᠡᠭᠡᠪᠦᠷᠢᠯᠡᠯᠲᠡ ᠶᠢᠨ ᠭᠤᠣᠯ ᠥᠷᠲᠡᠭᠡ ᠳᠤ ᠬᠦᠷᠴᠦ᠂ ᠡᠳ᠋ | ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ᠂ ᠲᠡᠭᠡᠭᠡᠪᠦᠷᠢ ᠶᠢᠨ ᠵᠠᠮ ᠱᠤᠭᠤᠮ᠂ ᠡᠵᠡᠩᠨᠡᠯᠲᠡ ᠶᠢᠨ ᠥᠪᠡᠷ ᠤᠨ ᠥᠷᠲᠡᠭ ᠪᠠ ᠦᠷ᠎ᠡ ᠠᠰᠢᠭ ᠵᠡᠷᠭᠡ ᠶᠢᠨ | ᠲᠠᠨᠢᠯᠴᠠᠭᠤᠯᠭ᠎ᠠ ᠶᠢ ᠰᠣᠨᠣᠰᠴᠤ᠂ ᠠᠴᠢᠶᠠᠨ ᠤ ᠮᠠᠰᠢᠨ ᠲᠡᠷᠭᠡᠨ ᠤ ᠵᠢᠯᠣᠭᠤᠴᠢ᠂ ᠭᠠᠯᠲᠤ ᠲᠡᠷᠭᠡᠨ ᠤ ᠵᠢᠯᠣᠭᠤᠴᠢ᠂ ᠲᠡᠭᠡᠭᠡᠵᠦ ᠪᠠᠭᠤᠯᠭᠠᠬᠤ ᠠᠵᠢᠯᠴᠢᠨ᠂ ᠲᠠᠯᠠᠪᠤᠷ | ᠥᠷᠲᠡᠭᠡ ᠶᠢᠨ ᠬᠠᠮᠢᠶᠠᠷᠤᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠤᠨ ᠡᠷᠴᠢᠮ᠂ ᠭᠦᠳᠡᠯᠮᠦᠷᠢ ᠶᠢᠨ ᠡᠷᠬᠡ ᠠᠰᠢᠭ ᠤᠨ | ᠬᠠᠮᠠᠭᠠᠯᠠᠯᠲᠠ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠮᠠᠷᠠᠯᠲᠠ ᠪᠠ ᠣᠷᠣᠯᠭ᠎ᠠ ᠶᠢᠨ ᠪᠠᠶᠢᠳᠠᠯ ᠢ ᠨᠢ ᠠᠰᠠᠭᠤᠨ ᠣᠶᠢᠯᠠᠭᠠᠪᠠ᠃ ᠰᠢ ᠶᠢᠨ ᠫᠢᠩ᠂ | ᠤᠯᠠᠨ ᠢᠶᠠᠷ ᠢᠶᠠᠨ ᠪᠠᠷᠠᠭᠠᠨ ᠤ ᠭᠦᠢᠯᠭᠡᠭᠡ ᠶᠢᠨ ᠡᠮᠦᠨ᠎ᠡ ᠹᠷᠣᠨᠲ ᠲᠤ ᠠᠵᠢᠯᠯᠠᠵᠤ ᠪᠤᠢ᠂ ᠮᠥᠨ ᠴᠦ ᠭᠠᠳᠠᠭᠠᠳᠤ ᠨᠡᠭᠡᠭᠡᠯᠲᠡ ᠶᠢᠨ ᠡᠮᠦᠨ᠎ᠡ ᠹᠷᠣᠨᠲ ᠲᠤ ᠪᠤᠢ᠂ ᠲᠠ | ᠨᠠᠷ ᠤᠨ ᠰᠢᠷᠭᠠᠭᠤ ᠭᠦᠳᠡᠯᠮᠦᠷᠢ ᠪᠠᠷ ᠳᠠᠮᠵᠢᠨ᠂ ᠮᠠᠰᠢ ᠤᠯᠠᠨ ᠲᠠᠸᠠᠷ ᠠᠭᠤᠯᠠ ᠤᠰᠤ ᠶᠢ ᠲᠤᠭᠤᠯᠤᠨ᠂ ᠳᠡᠯᠡᠬᠡᠢ ᠳ᠋ᠠᠬᠢᠨ ᠳᠤ ᠭᠠᠷᠴᠤ ᠪᠠᠶᠢᠨ᠎ᠠ᠂ ᠲᠠ ᠨᠠᠷ ᠤᠨ | ᠠᠵᠢᠯ ᠮᠠᠰᠢ ᠤᠳᠬ᠎ᠠ ᠠᠭᠤᠯᠭ᠎ᠠ ᠲᠠᠢ ᠶᠤᠮ᠃ ᠪᠠᠷᠠᠭᠤᠨ ᠣᠷᠣᠨ ᠤ ᠶᠡᠭᠡ ᠨᠡᠭᠡᠭᠡᠯᠲᠡ ᠶᠢ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ | ᠠᠬᠢᠭᠤᠯᠬᠤ ᠳᠤ ᠪᠠᠷᠠᠭᠠᠨ ᠤ ᠭᠦᠢᠯᠭᠡᠭᠡ ᠮᠠᠰᠢ ᠴᠢᠬᠤᠯᠠ ᠶᠤᠮ᠂ ᠤᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠲᠠᠰᠤᠷᠠᠯᠳᠠ ᠦᠭᠡᠢ ᠰᠢᠨ᠎ᠡ ᠬᠢᠷᠢ ᠪᠦᠲᠦᠮᠵᠢ | ᠡᠭᠦᠳᠴᠦ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠬᠡᠯᠡᠪᠡ᠃ | ᠰᠢ ᠶᠢᠨ ᠫᠢᠩ ᠪᠠᠰᠠ ᠴᠦᠩᠴᠢᠩ ᠤᠨ ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠦᠩᠴᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠪᠣᠯᠣᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠰᠢ ᠶᠢᠨ ᠫᠢᠩ᠂ ᠴᠧᠩᠳᠦ᠋ ᠴᠦᠩᠴᠢᠩ | ᠣᠷᠣᠨ ᠤ ᠬᠤᠶᠠᠷ ᠬᠤᠲᠠ ᠶᠢᠨ ᠠᠵᠤ ᠠᠬᠤᠢ ᠶᠢᠨ ᠴᠠᠭᠠᠷᠢᠭ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠴᠦᠩᠴᠢᠩ᠂ ᠰᠧᠴᠤᠸᠠᠨ ᠬᠤᠶᠠᠷ ᠭᠠᠵᠠᠷ ᠤᠨ ᠬᠢᠨ ᠨᠢᠭᠲᠠ ᠬᠠᠮᠲᠤᠷᠠᠯᠴᠠᠵᠤ᠂ | ᠬᠥᠭᠵᠢᠯᠲᠡ ᠶᠢᠨ ᠴᠢᠳᠠᠪᠤᠷᠢ ᠶᠢᠨ ᠲᠡᠰ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠤ ︽ᠬᠤᠶᠠᠷ ᠬᠤᠳᠠ ᠶᠢᠨ | ᠲᠡᠮᠳᠡᠭᠯᠡᠯ ︾ ᠢ ᠬᠠᠮᠲᠤ ᠪᠠᠷ ᠰᠠᠶᠢᠲᠤᠷ ᠳᠠᠭᠤᠷᠢᠰᠤᠭᠤᠯᠬᠤ ᠬᠡᠷᠡᠭᠲᠡᠢ᠃ ᠲᠤᠯᠭᠠᠭᠤᠷᠢ ᠠᠵᠤ ᠦᠢᠯᠡᠰ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠭᠤᠣᠯ ᠵᠢᠭᠰᠠᠭᠠᠯ ᠤᠨ ᠭᠠᠵᠠᠷ ᠮᠥᠨ᠃ ᠴᠦᠩᠴᠢᠩ ᠤᠨ ᠦᠢᠯᠡᠳᠬᠦ ᠦᠢᠯᠡᠰ ᠨᠢ ᠲᠤᠰ ᠪᠡᠶ᠎ᠡ ᠶᠢᠨ ᠪᠦᠲᠦᠴᠡ ᠶᠢᠨ ᠣᠨᠴᠠᠯᠢᠭ ᠲᠠᠢ᠂ | ᠬᠠᠷᠠᠭᠠᠯᠵᠠᠭᠰᠠᠨ ᠳᠠᠪᠠᠭᠤᠯᠢᠭ ᠲᠠᠢ ᠶᠤᠮ᠂ ᠴᠦᠩᠴᠢᠩ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ | ᠴᠢᠩᠭ᠎ᠠ ᠠᠳᠬᠤᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠣᠳᠣᠬᠠᠨ ᠤ ᠠᠵᠢᠯ ᠢᠶᠠᠨ ᠠᠳᠬᠤᠵᠤ᠂ ᠢᠷᠡᠭᠡᠳᠦᠢ ᠪᠠᠨ | ᠪᠣᠳᠣᠯᠬᠢᠯᠠᠵᠤ᠂ ᠡᠷᠡᠰ ᠭᠤᠶᠢᠪᠢᠰᠢ ᠦᠭᠡᠢ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠦᠢᠯᠡᠳᠬᠦ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃ | ᠵᠢᠦ ᠯᠦᠩ ᠫᠥᠸᠧ ᠲᠣᠭᠤᠷᠢᠭ ᠤᠨ ᠰᠢᠶᠧ ᠵᠢᠶᠠ ᠸᠠᠨ ᠵᠡᠭᠡᠯᠢ ᠭᠤᠳᠤᠮᠵᠢ ᠶᠢᠨ ᠮᠢᠨ ᠵᠦ ᠲᠣᠰᠬᠤᠨ ᠤ ᠨᠡᠶᠢᠭᠡᠮ ᠲᠣᠭᠤᠷᠢᠭ ᠪᠣᠯ ᠨᠢᠭᠡᠨ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠪᠠᠶᠢᠵᠤ᠂ 2022 ᠣᠨ ᠤ ᠡᠬᠢ ᠪᠠᠷ ᠥᠭᠡᠷᠡᠴᠢᠯᠡᠨ ᠰᠢᠨᠡᠳᠬᠡᠬᠦ ᠲᠦᠷᠦᠯ ᠵᠦᠢᠯ ᠢ ᠡᠬᠢᠯᠡᠭᠦᠯᠬᠦ ᠶᠢᠨ ᠵᠡᠷᠭᠡ ᠪᠠᠷ ᠪᠦᠭᠦ | ᠤᠯᠤᠰ ᠤᠨ ᠬᠤᠯᠪᠣᠭᠳᠠᠯ ᠪᠦᠬᠦᠢ ᠲᠤᠷᠰᠢᠯᠲᠠ ᠶᠢᠨ ᠴᠡᠭ ᠲᠤ ᠣᠷᠣᠪᠠ᠃ ᠰᠢ ᠶᠢᠨ ᠫᠢᠩ ᠠᠳᠡ ᠢᠷᠡᠵᠦ᠂ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠰᠢᠨᠡᠳᠬᠡᠭᠰᠡᠨ ᠪᠠ ᠠᠷᠠᠳ ᠲᠤ ᠲᠦᠭᠦᠮ ᠦᠵᠡᠭᠦᠯᠦᠭᠰᠡᠨ ᠦᠢᠯᠡᠴᠢᠯᠡᠭᠡᠨ ᠤ ᠪᠠᠶᠢᠳᠠᠯ ᠢ ᠪᠠᠶᠢᠴᠠᠭᠠᠨ ᠦᠵᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠭᠰᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠲᠡᠷᠡ | ᠪᠠᠰᠠ ᠨᠡᠶᠢᠭᠡᠮ ᠲᠣᠭᠤᠷᠢᠭ ᠤᠨ ᠬᠤᠭᠤᠯᠠᠨ ᠭᠡᠷ ᠲᠤ ᠣᠷᠣᠵᠤ᠂ ᠶᠠᠭ ᠰᠠᠶᠢᠬᠠᠨ ᠬᠤᠭᠤᠯᠠ ᠪᠠᠨ ᠢᠳᠡᠵᠦ ᠪᠠᠶᠢᠭᠰᠠᠨ ᠤᠯᠠᠨ ᠲᠦᠮᠡᠨ ᠲᠠᠢ ᠳᠣᠲᠣᠨᠣ ᠪᠠᠷ | ᠶᠠᠷᠢᠯᠴᠠᠵᠤ᠂ ᠨᠡᠶᠢᠭᠡᠮ ᠲᠣᠭᠤᠷᠢᠭ ᠤᠨ ᠬᠤᠭᠤᠯᠠᠨ ᠭᠡᠷ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ ᠵᠣᠷᠢᠭᠵᠢᠭᠤᠯᠪᠠ᠃ ᠰᠢ ᠶᠢᠨ ᠫᠢᠩ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠣᠯ ᠬᠤᠲᠠ ᠶᠢᠨ ᠰᠢᠨᠡᠴᠢᠯᠡᠯᠲᠡ ᠶᠢᠨ ᠨᠢᠭᠡᠨ ᠭᠤᠣᠯᠳᠠᠯᠭ᠎ᠠ ᠪᠤᠯᠬᠤ ᠪᠥᠭᠡᠳ ᠪᠠᠰᠠ ᠴᠤ | ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠡᠭᠦᠨ ᠳᠤ ᠲᠡᠦᠬᠡ ᠶᠢᠨ ᠳᠤᠷᠠᠰᠤᠮᠵᠢ ᠪᠠ ᠥᠪᠡᠷᠮᠢᠴᠡ ᠣᠨᠴᠠᠯᠢᠭᠲᠤ ᠲᠥᠷᠬᠦ ᠶᠢ ᠦᠯᠡᠳᠡᠭᠡᠨ ᠬᠠᠳᠠᠭᠠᠯᠠᠬᠤ | ᠬᠡᠷᠡᠭᠲᠡᠢ ᠪᠥᠭᠡᠳ ᠪᠠᠰᠠ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠨᠡ ᠲᠠᠯ᠎ᠠ ᠶᠢᠨ ᠠᠮᠵᠢᠯᠲᠠ ᠲᠠᠢ | ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠥᠷᠭᠡᠨ ᠤᠯᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠲᠤᠷ ᠠᠰᠢᠭ ᠬᠦᠷᠲᠡᠭᠡᠬᠦ ᠬᠡᠷᠡᠭᠲᠡᠢ᠃ | ᠬᠤᠳᠠ ᠶᠢᠨ ᠵᠠᠰᠠᠯᠲᠠ ᠶᠢᠨ ᠮᠠᠰᠢ ᠤᠯᠠᠨ ᠠᠵᠢᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡ ᠬᠦ ᠲᠠᠶᠢᠴᠢᠨ ᠪᠠᠬᠢᠯᠡᠯᠲᠡ ᠪᠣᠯᠣᠨ | ᠨᠡᠶᠢᠭᠡᠮ ᠲᠣᠭᠤᠷᠢᠭ ᠤᠨ ᠲᠠᠪᠴᠠᠩ ᠳᠤ ᠲᠦᠰᠢᠭᠯᠡᠨ ᠨᠠᠶᠢᠳᠠᠪᠤᠷᠢᠵᠢᠭᠤᠯᠵᠤ᠂ ᠬᠤᠳᠠ ᠶᠢᠨ ᠨᠡᠶᠢᠭᠡᠮ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠢ | ᠲᠣᠳᠣᠷᠬᠠᠶᠢᠯᠠᠵᠤ᠂ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ᠂ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠦᠷᠭᠦᠯᠵᠢᠯᠡᠨ | ᠠᠬᠢᠭᠤᠯᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ | ᠨᠠᠷᠢᠯᠢᠭᠵᠢᠭᠤᠯᠤᠭᠰᠠᠨ ᠵᠠᠰᠠᠯᠲᠠ᠂ ᠨᠠᠷᠢᠯᠢᠭ ᠣᠨᠣᠪᠴᠢᠲᠠᠢ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠠᠶᠠᠷᠯᠠᠬᠤ ᠦᠶ᠎ᠡ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ ᠶᠡᠷᠦᠩᠬᠡᠢ ᠱᠦᠵᠢ ᠶᠢ ᠦᠳᠡᠨ | ᠮᠣᠷᠳᠠᠭᠤᠯᠵᠠᠢ᠃ ᠰᠢ ᠶᠢᠨ ᠫᠢᠩ ᠤᠯᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠠᠷᠠᠳ ᠤᠨ ᠠᠮᠢᠳᠤᠷᠠᠯ ᠢ ᠲᠡᠷᠢᠭᠦᠨ ᠴᠢᠬᠤᠯᠠ | ᠪᠠᠶᠢᠷᠢᠨ ᠳᠤ ᠲᠠᠯᠪᠢᠨ᠎ᠠ᠃ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠪᠣᠯ ᠴᠥᠮ ᠠᠷᠠᠳ ᠤᠯᠠᠨ ᠳᠤ ᠨᠡᠩ ᠵᠣᠯ ᠵᠢᠷᠭᠠᠯ ᠲᠠᠢ ᠠᠮᠢᠳᠤᠷᠠᠯ ᠢ ᠡᠳ᠋ᠯᠡᠭᠦᠯᠭᠦ ᠶᠢᠨ | ᠲᠥᠯᠥᠭᠡ ᠶᠤᠮ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠴᠥᠮ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠳᠤ ᠨᠡᠩ | ᠤᠯᠠᠨ ᠡᠳ᠋ ᠤᠨ ᠬᠦᠴᠦᠨ ᠪᠣᠳᠠᠰ ᠤᠨ ᠬᠦᠴᠦᠨ ᠢ ᠣᠷᠣᠭᠤᠯᠵᠤ᠂ ᠵᠢᠯ ᠪᠦᠷᠢ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠢ ᠪᠦᠲᠦᠭᠡᠵᠦ᠂ | ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠬᠦᠰᠡᠵᠦ ᠪᠠᠶᠢᠨ᠎ᠠ | ᠭᠡᠵᠦ ᠬᠡᠯᠡᠪᠡ᠃ | 23 ᠤ ᠦᠳᠡ ᠶᠢᠨ ᠡᠮᠦᠨ᠎ᠡ᠂ ᠰᠢ ᠶᠢᠨ ᠫᠢᠩ ᠴᠦᠩᠴᠢᠩ ᠬᠤᠲᠠ ᠶᠢᠨ ᠲᠣᠭᠠᠴᠢᠯᠠᠭᠰᠠᠨ ᠬᠤᠲᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠲᠤ | ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠬᠢᠨ ᠤ ᠬᠤᠲᠠ ᠶᠢᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠭᠡᠲᠦ | ᠶᠡᠭᠡ ᠬᠤᠲᠠ ᠶᠢᠨ ᠵᠠᠰᠠᠯᠲᠠ ᠶᠢᠨ ᠰᠢᠨ᠎ᠡ ᠵᠠᠮ ᠢ ᠰᠦᠪᠡᠭᠴᠢᠯᠡᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠰᠲ᠋ᠧᠮ ᠤᠨ ᠬᠡᠷᠡᠭᠯᠡᠭᠡᠨ ᠤ | ᠦᠵᠡᠭᠦᠯᠭᠡ ᠶᠢ ᠰᠣᠨᠢᠷᠬᠠᠪᠠ᠃ ᠰᠢ ᠶᠢᠨ ᠫᠢᠩ᠂ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠪᠠᠶᠢᠪᠠᠰᠤ ᠵᠣᠬᠢᠬᠤ ᠠᠭᠤᠯᠭ᠎ᠠ ᠮᠥᠨ᠃ ᠲᠣᠭᠠᠴᠢᠯᠠᠯᠳᠠ ᠪᠠᠷ ᠬᠦᠴᠦᠨ ᠴᠢᠳᠠᠯ ᠣᠯᠭᠤᠬᠤ ᠶᠢ ᠴᠢᠩᠭᠠᠳᠬᠠᠵᠤ᠂ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠲᠣᠮᠣ ᠳ᠋ᠠᠶᠢᠲ᠋ᠠ ᠶᠢᠨ ᠲᠠᠪᠴᠠᠩ ᠪᠣᠯᠣᠨ ᠰᠦᠯᠵᠢᠶᠡᠨ ᠤ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠠᠶᠢᠭᠤᠯᠵᠤ᠂ ᠬᠤᠯᠪᠤᠭᠠᠯᠠᠨ ᠵᠢᠯᠤᠭᠤᠳᠬᠤ ᠪᠠ ᠡᠯ᠎ᠡ ᠲᠠᠯ᠎ᠠ ᠶᠢᠨ ᠬᠢᠨ ᠬᠠᠮᠵᠢᠯᠴᠠᠬᠤ ᠶᠢ ᠴᠢᠩᠭᠠᠳᠬᠠᠵᠤ᠂ ᠬᠡᠷᠡᠭᠵᠢᠭᠦᠯᠬᠦ ᠬᠦᠴᠦᠨ ᠢ ᠦᠨᠡᠨ | ᠬᠦ ᠳᠡᠭᠡᠭᠰᠢᠯᠡᠭᠦᠯᠭᠦ ᠬᠡᠷᠡᠭᠲᠡᠢ᠃ ᠬᠤᠲᠠ ᠶᠢᠨ ᠵᠠᠰᠠᠯᠲᠠ ᠨᠢ ᠡᠯ᠎ᠡ ᠲᠠᠯ᠎ᠠ ᠳᠤ ᠬᠤᠯᠪᠣᠭᠳᠠᠨ᠎ᠠ᠂ ᠡᠩ ᠲᠡᠷᠢᠭᠦᠨ ᠳᠤ ︽ᠴᠠᠭ ᠢᠮᠠᠭᠲᠠ ᠰᠠᠨᠠᠭ᠎ᠠ ᠲᠠᠯᠪᠢᠬᠤ ︾ | ᠬᠠᠷᠢᠭᠤᠴᠠᠯᠭᠠᠲᠤ ᠰᠡᠳᠬᠢᠯᠭᠡ ᠪᠠᠷ ᠪᠡᠯᠡᠳᠬᠡᠯ ᠲᠥᠰᠥᠯ ᠢ ᠰᠠᠶᠢᠲᠤᠷ ᠬᠢᠵᠦ᠂ ᠣᠨᠣᠴᠠᠲᠠᠢ ᠬᠠᠮᠢᠶᠠᠷᠤᠨ ᠡᠵᠡᠮᠳᠡᠵᠦ᠂ ᠦᠳᠲᠡᠷ ᠲᠦᠷᠭᠡᠨ ᠲᠤᠰᠬᠠᠯ ᠭᠠᠷᠭᠠᠵᠤ᠂ | ᠡᠯ᠎ᠡ ᠲᠥᠷᠥᠯ ᠤᠨ ᠬᠡᠷᠡᠭ ᠶᠠᠪᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠤᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠠᠵᠢᠯᠯᠠᠭᠠᠨ ᠢ ᠦᠨᠡᠨ ᠬᠦ ᠪᠠᠲᠤᠯᠠᠬᠤ | ᠬᠡᠷᠡᠭᠲᠡᠢ᠃ ᠲᠠ ᠨᠠᠷ ᠤᠨ ᠲᠠᠰᠤᠷᠠᠯᠲᠠ ᠦᠭᠡᠢ ᠰᠦᠪᠡᠭᠴᠢᠯᠡᠵᠦ᠂ ᠰᠢᠨ᠎ᠡ ᠲᠤᠷᠰᠢᠯᠭ᠎ᠠ ᠬᠤᠷᠠᠮᠳᠤᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | 24 ᠤ ᠦᠳᠡ ᠶᠢᠨ ᠡᠮᠦᠨ᠎ᠡ᠂ ᠰᠢ ᠶᠢᠨ ᠫᠢᠩ ᠴᠦᠩᠴᠢᠩ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠴᠦᠩᠴᠢᠩ ᠤᠨ ᠡᠯ᠎ᠡ ᠵᠦᠢᠯ ᠤᠨ ᠠᠵᠢᠯ ᠤᠨ ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃ | ᠰᠢ ᠶᠢᠨ ᠫᠢᠩ᠂ ᠴᠦᠩᠴᠢᠩ ᠤᠨ ᠦᠢᠯᠡᠳᠬᠦ ᠦᠢᠯᠡᠰ ᠤᠨ ᠰᠠᠭᠤᠷᠢ ᠨᠡᠯᠢᠶᠡᠳ ᠰᠠᠶᠢᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠤ | ᠡᠬᠢ ᠪᠠᠶᠠᠯᠢᠭ ᠡᠯᠪᠡᠭ ᠶᠤᠮ᠂ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯᠯᠠᠭᠴᠢ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ | ᠪᠠᠶᠢᠭᠤᠯᠬᠤ ᠬᠡᠷᠡᠭᠲᠡᠢ᠃ ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠶᠡᠭᠡ ᠬᠡᠪᠴᠢᠶᠡᠨ ᠤ | ᠲᠥᠬᠦᠭᠡᠷᠦᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠲᠦᠷᠭᠡᠳᠬᠡᠵᠦ᠂ ᠳᠡᠯᠡᠬᠡᠢ ᠶᠢᠨ ᠲᠡᠷᠢᠭᠦᠨ ᠤ ᠲᠦᠪᠰᠢᠨ ᠪᠠ ᠥᠷᠢᠰᠦᠯᠳᠦᠬᠦ ᠬᠦᠴᠦᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ | ᠴᠢᠩᠭᠠᠳᠬᠠᠵᠤ᠂ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠰᠢᠨ᠎ᠡ ᠬᠥᠳᠡᠯᠭᠡᠬᠦ ᠬᠦᠴᠦᠨ ᠢ ᠢᠳᠡᠪᠬᠢᠲᠡᠢ ᠪᠤᠶᠢᠵᠢᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠴᠧᠩᠳᠦ᠋ ᠴᠦᠩᠴᠢᠩ ᠣᠷᠣᠨ ᠤ ᠬᠤᠣᠰ | ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ | ᠴᠢᠬᠤᠯᠠ ᠨᠡᠮᠡᠭᠳᠡᠯ ᠤᠨ ᠲᠦᠢᠯ ᠪᠣᠯᠣᠨ ᠰᠢᠨ᠎ᠡ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ | ᠪᠣᠬᠢᠷᠳᠤᠯ ᠦᠭᠡᠢ ᠬᠥᠭᠵᠢᠯᠲᠡ ᠶᠢ ᠶᠡᠭᠡ ᠪᠠᠷ ᠠᠬᠢᠭᠤᠯᠵᠤ᠂ ᠦᠵᠡᠰᠬᠦᠯᠡᠩᠲᠦ ᠰᠠᠶᠢᠬᠠᠨ ᠴᠦᠩᠴᠢᠩ ᠢ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠳᠡᠭᠡᠳᠦ | ᠤᠷᠤᠰᠬᠠᠯ ᠤᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠦᠩᠴᠢᠩ ᠤᠨ ᠬᠢᠨ ᠵᠣᠷᠢᠭᠲᠠᠢ ᠪᠠᠷ ᠲᠦᠷᠦᠭᠦᠯᠡᠬᠦ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ | ᠨᠢᠭᠡ ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠳᠬᠤᠵᠤ᠂ ᠨᠢᠭᠡ ᠪᠦᠯᠦᠭ ᠭᠤᠣᠯᠯᠠᠬᠤ | ᠥᠷᠢᠰᠦᠯᠳᠦᠬᠦ ᠬᠦᠴᠦᠨ ᠢᠶᠠᠷ ᠴᠢᠩᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠶᠢᠵᠢᠭᠤᠯᠵᠤ᠂ ᠨᠦᠭᠦᠭᠡ ᠲᠠᠯ᠎ᠠ ᠪᠠᠷ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠶᠢ ᠠᠳᠬᠤᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ︽ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠲᠦᠭᠡᠨ ᠪᠠᠶᠢᠭᠤᠯᠬᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠵᠠᠮ ᠤᠨ | ᠬᠤᠯᠪᠤᠭᠠᠯᠠᠨ ᠬᠥᠳᠡᠯᠦᠯᠴᠡᠵᠦ ᠬᠥᠭᠵᠢᠬᠦ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ | ᠠᠬᠤᠢ ᠠᠷᠠᠯᠵᠢᠶᠠᠨ ᠤ ᠳᠦᠷᠢᠮ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠲᠡᠷᠢᠭᠦᠨ | ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠦᠩᠴᠢᠩ ᠪᠣᠯ ᠮᠠᠨ ᠤ ᠤᠯᠤᠰ ᠤᠨ ᠬᠠᠷᠢᠶ᠎ᠠ ᠣᠷᠣᠨ ᠤ ᠲᠠᠯᠠᠪᠠᠶ ᠪᠠ ᠬᠥᠮᠥᠨ ᠠᠮᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠬᠤᠲᠠ | ᠪᠣᠯᠣᠨ᠎ᠠ᠂ ᠠᠷᠠᠳ ᠲᠦᠮᠡᠨ ᠤ ᠬᠤᠲᠠ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠭᠡᠲᠦ ᠶᠡᠭᠡ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ | ᠰᠢᠨ᠎ᠡ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠭ᠎ᠠ ᠪᠠᠨ ᠲᠦᠷᠭᠡᠳᠬᠡᠵᠦ᠂ ᠬᠤᠲᠠ ᠶᠢᠨ | ᠠᠵᠢᠯᠯᠠᠭᠠᠨ ᠪᠠ ᠵᠠᠰᠠᠯᠲᠠ ᠶᠢᠨ ᠣᠶᠤᠨᠴᠢ ᠭᠤᠣᠯ ᠰᠢᠰᠲ᠋ᠧᠮ ᠢ ᠪᠠᠶᠢᠭᠤᠯᠵᠤ᠂ ︽ᠶᠡᠭᠡ ᠶᠡᠷᠦᠩᠬᠡᠶᠢᠯᠡᠭᠰᠡᠨ ᠨᠢᠭᠡ ᠴᠣᠭᠴᠠᠵᠢᠭᠤᠯᠤᠭᠰᠠᠨ ︾ ᠬᠤᠲᠠ ᠶᠢᠨ | ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠶᠢᠨ ᠵᠠᠰᠠᠯᠲᠠ ᠶᠢ ᠨᠠᠩ ᠣᠶᠤᠨᠴᠢ᠂ ᠨᠠᠩ ᠥᠨᠳᠥᠷ | ᠪᠦᠲᠦᠮᠵᠢᠲᠡᠶ᠂ ᠨᠠᠩ ᠣᠨᠣᠴᠠᠲᠠᠢ ᠪᠤᠯᠭᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ᠂ ᠬᠤᠳᠠ ᠬᠥᠳᠡᠭᠡ ᠶᠢᠨ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠣᠯᠬᠢ ᠳᠠᠳᠬᠠᠯ ᠢ ᠲᠡᠪᠴᠢᠵᠦ ᠰᠢᠨ᠎ᠡ ᠬᠡᠪ ᠰᠤᠷᠲᠠᠯ ᠢ ᠳᠡᠯᠭᠡᠷᠡᠭᠦᠯᠬᠦ ᠶᠢ ᠠᠬᠢᠭᠤᠯᠵᠤ᠂ ᠪᠦᠭᠦ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠤᠶᠠᠨ ᠬᠠᠳᠠᠨ ᠴᠢᠨᠠᠷᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ | ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠴᠦᠩᠴᠢᠩ ᠪᠣᠯ ᠶᠡᠭᠡ ᠬᠤᠳᠠ᠂ ᠶᠡᠭᠡ ᠬᠥᠳᠡᠭᠡ ᠲᠣᠰᠬᠤᠨ᠂ ᠶᠡᠭᠡ ᠠᠭᠤᠯᠠᠷᠬᠠᠭ ᠣᠷᠣᠨ᠂ ᠶᠡᠭᠡ ᠴᠦᠭᠦᠷᠤᠮ ᠤᠨ ᠣᠷᠣᠨ ᠢ ᠨᠢᠭᠡ | ᠴᠣᠭᠴᠠᠵᠢᠭᠤᠯᠤᠭᠰᠠᠨ ᠪᠠᠶᠢᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠰᠢᠶᠠᠨ ︵ ᠲᠣᠭᠤᠷᠢᠭ ︶ ᠤ ᠲᠥᠪ ᠢᠶᠠᠷ | ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠳᠠ ᠶᠢᠨ | ᠦᠢᠯᠡᠳᠪᠦᠷᠢ ᠬᠤᠳᠠᠯᠳᠤᠭᠠᠨ ᠤ ᠬᠥᠷᠥᠩᠭᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠢ ᠬᠥᠳᠡᠭᠡ ᠪᠠᠭᠤᠯᠭᠠᠬᠤ ᠶᠢ ᠡᠮᠬᠢ ᠵᠢᠷᠤᠮ ᠲᠠᠢ | ᠬᠥᠲᠥᠯᠥᠨ ᠵᠢᠯᠤᠭᠤᠳᠴᠤ᠂ ᠬᠠᠤᠯᠢ ᠶᠣᠰᠣᠭᠠᠷ ᠵᠢᠷᠤᠮᠵᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠭᠤᠯᠠ ᠶᠢ ᠲᠦᠰᠢᠭᠰᠡᠨ ᠳᠠᠪᠠᠭᠤᠯᠢᠭ ᠢᠶᠠᠨ ᠠᠰᠢᠭᠯᠠᠨ ᠠᠮᠢ | ᠠᠬᠤᠢ ᠶᠢᠨ ᠣᠨᠴᠠᠯᠢᠭᠲᠤ ᠲᠠᠷᠢᠶᠠᠯᠠᠩ ᠢ ᠬᠥᠭᠵᠢᠭᠦᠯᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ | ᠰᠠᠶᠢᠲᠤᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠣᠳᠣᠬᠢ ᠱᠠᠲᠤ | ᠬᠤᠭᠤᠴᠠᠭᠠᠨ ᠤ ᠲᠠᠷᠢᠶᠠᠴᠢᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠴᠢᠩᠭ᠎ᠠ ᠪᠠᠶᠢᠬᠤ᠂ ᠠᠳᠬᠤᠵᠤ ᠳᠡᠶᠢᠯᠭᠦ᠂ ᠬᠡᠳᠦᠨ ᠵᠢᠯ ᠠᠳᠬᠤᠪᠠᠯ ᠦᠷ᠎ᠡ | ᠪᠦᠲᠦᠮᠵᠢ ᠣᠯᠵᠤ ᠳᠡᠶᠢᠯᠭᠦ ᠭᠤᠣᠯᠳᠠᠯᠭ᠎ᠠ ᠲᠠᠢ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠶᠢ ᠠᠳᠬᠤᠪᠠᠯ ᠨᠢᠭᠡ ᠶᠢ ᠪᠦᠲᠦᠭᠡᠵᠦ᠂ | ᠲᠠᠷᠢᠶᠠᠴᠢᠨ ᠤᠯᠠᠨ ᠲᠦᠮᠡᠨ ᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠭᠦ᠂ ᠠᠵᠢᠯ ᠤᠨ | ᠲᠦᠪᠰᠢᠨ ᠢᠶᠠᠨ ᠳᠡᠭᠡᠭᠰᠢᠯᠡᠭᠦᠯᠭᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠢᠳᠡᠪᠬᠢᠲᠡᠢ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ | ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ | ᠵᠢᠯᠤᠭᠤᠳᠴᠤ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ | ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠢᠯᠵᠠᠷᠠᠯ ᠢ ᠡᠰᠡᠷᠭᠦᠴᠡᠬᠦ ᠪᠠ ᠵᠠᠯᠬᠠᠭᠠᠨ ᠰᠢᠢᠳᠬᠡᠬᠦ ᠶᠢ ᠢᠮᠠᠭᠲᠠ ᠲᠤᠭᠤᠰᠢᠯᠠᠭᠤᠯᠵᠤ᠂ ᠢᠯᠵᠠᠷᠠᠯ ᠤᠨ ᠪᠤᠢ ᠪᠤᠯᠬᠤ | ᠬᠥᠷᠥᠰᠥ ᠰᠢᠷᠣᠢ ᠪᠠ ᠨᠥᠬᠦᠴᠡᠯ ᠢ ᠲᠠᠰᠤᠷᠠᠯᠲᠠ ᠦᠭᠡᠢ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | |