ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 4 ᠳ᠋ᠤᠬᠡᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/4/25
      4 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 4 ᠳ᠋ᠤᠬᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠤᠷᠤᠯᠴᠠᠪᠠ᠃      ᠨᠣᠮ ᠤᠩᠰᠢᠬᠤ ᠠᠩᠭᠢ ᠨᠢ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠰᠤᠷᠤᠯᠴᠠᠬᠤ᠂ ᠲᠤᠬᠠᠢ ᠶᠢᠨ ᠭᠠᠵᠠᠷ ᠲᠤᠨᠢ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠬᠤᠷᠠᠯ ᠳᠤ ᠣᠷᠣᠯᠴᠠᠭᠰᠠᠨ ᠨᠥᠬᠦᠳ ᠲᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠭᠦᠨᠵᠡᠭᠡᠢ ᠲᠠᠶᠢᠯᠪᠤᠷᠢᠯᠠᠵᠤ᠂ ᠤᠯᠠᠨ ᠳᠤ ᠤᠯᠤᠰ ᠲᠦᠷᠦ ᠰᠠᠬᠢᠯᠭ᠎ᠠ ᠪᠠᠲᠤ ᠶᠢᠨ ᠬᠢᠴᠢᠶᠡᠯ᠂ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ᠂ ᠦᠢᠯᠡᠳᠦᠯᠭᠡ ᠶᠢᠨ ᠵᠢᠯᠣᠭᠤᠳᠤᠯᠭ᠎ᠠ ᠶᠢᠨ ᠬᠢᠴᠢᠶᠡᠯ ᠤᠷᠤᠪᠠ᠃ ᠲᠣᠭᠤᠷᠢᠭ ᠤᠨ ᠤᠳᠤᠷᠢᠳᠬᠤ ᠨᠥᠬᠦᠳ ᠪᠠᠰᠠ ᠣᠷᠳᠣᠰ ᠬᠤᠳᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠳᠤ ᠬᠦᠷᠴᠦ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠵᠢᠷᠡᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠳᠦᠷᠢᠮ ᠤᠨ ᠪᠠᠶᠢᠭᠤᠯᠤᠯᠲᠠ ᠶᠢᠨ ᠲᠡᠦᠬᠡ ᠶᠢᠨ ᠬᠤᠪᠢᠰᠤᠯᠲᠠ᠂ ᠠᠷᠢᠭᠤᠨ ᠴᠢᠬᠡᠴᠢ ᠪᠠᠷ ᠵᠠᠰᠠᠭ ᠪᠠᠷᠢᠭᠰᠠᠨ ᠲᠡᠷᠢᠭᠦᠨ ᠤ ᠬᠥᠮᠥᠰ ᠤᠨ ᠦᠢᠯᠡ ᠠᠵᠢᠯᠯᠠᠭ᠎ᠠ ᠪᠣᠯᠣᠨ ᠱᠠᠮᠰᠢᠵᠤ ᠢᠯᠵᠢᠷᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠤᠷᠤᠯᠴᠠᠬᠤ ᠶᠢᠨ ᠬᠠᠮᠲᠤ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠳᠤ ᠢᠳᠡᠪᠬᠢᠲᠡᠢ ᠣᠷᠣᠯᠴᠠᠵᠤ᠂ ︽ᠳᠦᠷᠢᠮ︾ ᠢ ᠪᠦᠯᠦᠭ ᠳᠠᠷᠠᠭᠠᠯᠠᠨ ᠰᠤᠷᠤᠯᠴᠠᠵᠦ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠢ ᠥᠷᠨᠢᠭᠦᠯᠵᠡᠢ᠃ ᠤᠯᠠᠨ ᠢᠶᠠᠷ ᠢᠶᠠᠨ ︽ᠳᠦᠷᠢᠮ︾ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠬᠦ ᠲᠠᠯ᠎ᠠ ᠪᠠᠷ᠂ ᠭᠦᠨ ᠭᠦᠨᠵᠡᠭᠡᠢ ᠣᠶᠢᠯᠠᠭᠠᠨ ᠡᠵᠡᠮᠰᠢᠵᠦ᠂ ᠤᠯᠠᠨ ᠢᠶᠠᠷ ᠢᠶᠠᠨ ᠨᠢᠭᠡ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠭᠦᠨᠵᠡᠭᠡᠢ ᠰᠤᠷᠤᠯᠴᠠᠯᠭ᠎ᠠ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ ᠳᠠᠪᠲᠠᠯᠲᠠ ᠶᠢ ᠬᠦᠯᠢᠶᠡᠪᠡ᠃      ᠤᠯᠠᠨ ᠢᠶᠠᠷ ᠢᠶᠠᠨ᠂ ︽ᠳᠦᠷᠢᠮ︾ ᠢ ᠦᠷᠭᠦᠯᠵᠢᠯᠡᠨ ᠰᠤᠷᠤᠯᠴᠠᠨ ᠲᠤᠤᠱᠯᠠᠭᠤᠯᠬᠤ ᠶᠠᠪᠤᠴᠠ ᠳᠤ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠦᠢᠯᠠᠭᠠᠨ᠂ ᠤᠯᠤᠰ ᠲᠦᠷᠦ ᠶᠢ ᠡᠷᠬᠢᠮᠯᠡᠬᠦ᠂ ᠶᠣᠰᠣ ᠳᠦᠷᠢᠮ ᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ᠂ ᠬᠤᠷᠢᠭ᠎ᠠ ᠱᠤᠭᠤᠮ ᠢ ᠲᠣᠳᠣᠷᠬᠠᠢ ᠪᠣᠯᠭᠠᠬᠤ ᠶᠢ ᠦᠨᠡᠨᠬᠦ ᠪᠡᠶᠡᠯᠡᠭᠦᠯᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ ︽ᠳᠦᠷᠢᠮ︾ ᠤᠨ ᠰᠤᠷᠤᠯᠴᠠᠯᠭ᠎ᠠ ᠶᠢ ᠡᠳᠦᠷ ᠲᠤᠳᠤᠮ ᠤᠨ ᠠᠵᠢᠯ ᠳᠤ ᠠᠭᠤᠰᠬᠠᠨ᠂ ᠪᠠᠶᠢᠩᠭᠤ ᠠᠳᠬᠤᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠬᠡᠭᠰᠢᠯᠡᠬᠦᠯᠵᠤ᠂ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠦᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ︾ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠠᠵᠢᠯ ᠢᠶᠠᠨ ᠠᠬᠢᠭᠤᠯᠬᠤ᠂ ᠡᠯ᠎ᠡ ᠵᠦᠢᠯ ᠤᠨ ᠬᠠᠷᠠᠯᠳᠠ ᠡᠬᠦᠷᠬᠡ ᠪᠠᠨ ᠴᠢᠷᠮᠠᠶᠢᠨ ᠪᠡᠶᠡᠯᠡᠬᠦᠯᠬᠦ ᠲᠠᠢ ᠨᠢᠠᠠᠳᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ︽ᠭᠤᠷᠪᠠᠨ ᠳᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠦᠷ᠎ᠡ ᠪᠦᠲᠦᠮᠵᠢ ᠪᠠ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ ᠬᠡᠵᠤ ᠢᠯᠡᠷᠬᠡᠶᠢᠯᠡᠪᠡ᠃       ᠳᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ