1 — 3 ᠰᠠᠷ᠎ᠠ ᠳᠤ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.4 % ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/4/28
    ᠨᠢᠭᠡ᠂ ᠶᠡᠷᠦᠩᠬᠡᠶ ᠠᠵᠢᠯᠯᠠᠭᠠᠨ ᠤ ᠪᠠᠶᠢᠳᠠᠯ     2024 ᠤᠨ ᠤ 1 — 3 ᠰᠠᠷ᠎ᠠ ᠳᠤ᠂ ᠳ᠋ᠦᠩᠱᠧᠩ ᠲᠤᠭᠤᠷᠢᠭ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠲᠤᠭ᠎ᠠ ᠪᠦᠷᠢᠳᠭᠡᠯ ᠤᠨ ᠬᠦᠮᠦᠷᠭᠡ ᠳᠠᠬᠢ ᠲᠦᠷᠦᠯ ᠵᠦᠢᠯ 158 ᠪᠠᠶᠢᠵᠤ᠂ ᠡᠬᠦᠨ ᠳᠤ ᠲᠦᠷᠦᠯ ᠵᠦᠢᠯ ᠤᠨ ᠪᠡᠯᠡ ᠤᠷᠤᠭᠤᠯᠤᠯᠳᠠ 88᠂ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ 70 ᠪᠠᠶᠢᠵᠤ᠂ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.4 % ᠪᠠᠷ ᠨᠡᠮᠡᠭᠳᠡᠪᠡ᠃     ᠠᠵᠤ ᠦᠢᠯᠡᠰ ᠢᠶᠠᠷ ᠬᠤᠪᠢᠶᠠᠪᠠᠯ᠂ ᠳ᠋ᠦᠩᠱᠧᠩ ᠲᠣᠭᠤᠷᠢᠭ ᠤᠨ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 258.6% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 86.3% ᠳᠤ ᠬᠦᠷᠴᠡᠶ︔ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 79.4% ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 13.7% ᠳᠤ ᠬᠦᠷᠪᠡ᠃     ᠪᠦᠷᠢᠯᠳᠦᠯ ᠠᠴᠠ ᠦᠵᠡᠪᠡᠯ᠂ ᠳ᠋ᠦᠩᠱᠧᠩ ᠲᠣᠭᠤᠷᠢᠭ ᠤᠨ ᠪᠠᠷᠢᠯᠭ᠎ᠠ ᠶᠢᠨ ᠢᠨᠵᠧᠨᠧᠷᠢᠩ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.7% ᠪᠠᠷ ᠨᠡᠮᠡᠭᠳᠡᠵᠦ᠂ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 89.2% ᠢᠶᠠᠷ ᠪᠠᠭᠤᠷᠠᠵᠤ᠂ ᠪᠤᠰᠤᠳ ᠪᠡᠯᠡ ᠣᠷᠣᠭᠤᠯᠤᠯᠲᠠ ︵ᠭᠠᠵᠠᠷ ᠰᠢᠷᠣᠶ᠂ ᠨᠤᠷᠠᠭᠠᠵᠤ ᠨᠡᠭᠦᠯᠭᠡᠬᠦ ᠵᠡᠷᠭᠡ︶ ᠠᠳᠠᠯᠢ ᠬᠤᠭᠤᠴᠠᠭᠠᠨ ᠤ ᠬᠢ ᠠᠴᠠ 85.9% ᠪᠠᠷ ᠪᠠᠭᠤᠷᠠᠪᠠ᠃     ᠬᠤᠶᠠᠷ᠂ ᠪᠡᠯᠡ ᠣᠷᠣᠭᠤᠯᠤᠯᠲᠠ ᠶᠢᠨ ᠠᠵᠢᠯᠯᠠᠭᠠᠨ ᠤ ᠭᠢᠯᠠᠰ ᠴᠢᠭ     ᠨᠢᠭᠡ ᠳᠤ ᠦᠢᠯᠡᠳᠬᠡᠯ ᠤᠨ ᠦᠢᠯᠡᠰ ᠤᠨ ᠪᠡᠯᠡ ᠣᠷᠣᠭᠤᠯᠤᠯᠲᠠ ᠦᠳᠲᠡᠷ ᠲᠦᠷᠭᠡᠨ ᠨᠡᠮᠡᠭᠳᠡᠪᠡ᠃ 1 — 3 ᠰᠠᠷ᠎ᠠ ᠳᠤ᠂ ᠦᠢᠯᠡᠳᠬᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 10.5 ᠳᠠᠬᠢᠨ ᠨᠡᠮᠡᠭᠳᠡᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 98.6% ᠶᠢ ᠡᠵᠡᠯᠡᠨ᠂ ᠪᠦᠬᠦ ᠪᠡᠯᠡ ᠣᠷᠣᠭᠤᠯᠤᠯᠲᠠ ᠶᠢᠨ 85.2% ᠢ ᠡᠵᠡᠯᠡᠵᠦ᠂ ᠪᠦᠬᠦ ᠪᠡᠯᠡ ᠣᠷᠣᠭᠤᠯᠤᠯᠲᠠ ᠶᠢ 85.9 ᠵᠠᠭᠤᠨ ᠤ ᠬᠤᠪᠢ ᠲᠠᠶᠢᠴᠢᠯᠠᠪᠠ᠃ ᠡᠭᠦᠨ ᠳᠤ ᠲᠤᠨᠤᠭᠯᠠᠯ ᠤᠶᠢᠯᠡᠳᠬᠦ ᠤᠶᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.4 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 85.5 ᠵᠠᠭᠤᠨ ᠤ ᠬᠤᠪᠢ ᠪᠣᠯᠭᠠᠪᠠ᠃     ᠬᠤᠶᠠᠷ ᠲᠤ ᠲᠤᠮᠤ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠲᠤᠪᠤᠶᠢᠮ᠎ᠠ ᠪᠠᠶᠢᠨ᠎ᠠ᠃ 1 — 3 ᠰᠠᠷ᠎ᠠ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠤᠶᠢᠯ ᠤᠨ ᠪᠠᠯᠠ ᠣᠷᠣᠭᠤᠯᠤᠯᠲᠠ ᠪᠥᠬᠦ ᠪᠠᠯᠠ ᠣᠷᠣᠭᠤᠯᠤᠯᠲᠠ ᠶᠢᠨ 98.5% ᠶᠢ ᠡᠵᠡᠯᠡᠵᠦ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠤᠶᠢᠯ ᠤᠨ ︵ᠳᠠᠩ ᠬᠤᠳᠠᠯᠳᠤᠨ ᠠᠪᠬᠤ ᠶᠢ ᠪᠠᠭᠳᠠᠭᠠᠬᠤ ᠥᠬᠡᠶ︶ ᠪᠠᠯᠠ ᠣᠷᠣᠭᠤᠯᠤᠯᠲᠠ ᠪᠥᠬᠦ ᠪᠠᠯᠠ ᠣᠷᠣᠭᠤᠯᠤᠯᠲᠠ ᠶᠢᠨ 84.5% ᠶᠢ ᠡᠵᠡᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ