2024 ᠣᠨ ᠤ ᠨᠢᠭᠡᠳᠦᠭᠡᠷ ᠤᠯᠠᠷᠢᠯ ᠳᠤ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠮᠢᠵᠢᠷᠠᠯ ᠤᠨ ᠬᠦᠴᠦᠨ ᠪᠠᠳᠠᠷᠠᠪᠠ
ᠨᠡᠶᠢᠲᠡᠯᠡᠭᠰᠡᠨ ᠴᠠᠭ᠄
2024/4/29
    2024 ᠣᠨ ᠳᠤ᠂ ᠳ᠋ᠦᠩᠱᠧᠩ ᠲᠣᠭᠤᠷᠢᠭ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠤ ᠠᠬᠤᠢ ᠶᠢᠨ ᠠᠵᠢᠯ ᠤᠨ ᠶᠡᠷᠦᠩᠬᠡᠢ ᠰᠡᠳᠬᠢᠴᠡ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠨᠢᠭᠡᠳᠦᠭᠡᠷ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠵᠦ᠂ ᠪᠥᠬᠦ ᠬᠤᠲᠠ ᠶᠢᠨ ᠬᠤᠶᠠᠳᠤᠭᠠᠷ ᠲᠤ ᠪᠠᠶᠢᠷᠢᠯᠠᠵᠤ᠂ ᠪᠥᠬᠦ ᠤᠯᠤᠰ ᠤᠨ ᠬᠢ ᠠᠴᠠ 7.6 ᠵᠠᠭᠤᠨ ᠤ ᠬᠤᠪᠢ ᠥᠨᠳᠥᠷ ᠪᠣᠯᠵᠤ᠂ ᠪᠥᠬᠦ ᠥᠪᠡᠷᠲᠡᠭᠡᠨ ᠵᠠᠰᠠᠬᠤ ᠣᠷᠣᠨ ᠤ ᠬᠢ ᠠᠴᠠ 6.6 ᠵᠠᠭᠤᠨ ᠤ ᠬᠤᠪᠢ ᠥᠨᠳᠥᠷ ᠪᠣᠯᠵᠤ᠂ ᠪᠥᠬᠦ ᠬᠤᠲᠠ ᠶᠢᠨ ᠬᠢ ᠠᠴᠠ 7.5 ᠵᠠᠭᠤᠨ ᠤ ᠬᠤᠪᠢ ᠥᠨᠳᠥᠷ ᠪᠤᠯᠪᠠ᠃ ᠶᠡᠷᠦᠩᠬᠡᠶ ᠳᠡᠭᠡᠨ ᠳᠣᠤᠷᠠᠬᠢ ᠮᠡᠲᠦ ᠣᠨᠴᠠᠯᠢᠭ ᠢᠯᠡᠷᠡᠪᠡ᠃     ᠭᠤᠷᠪᠠᠨ ᠲᠤᠮᠤ ᠲᠥᠷᠥᠯ ᠪᠦᠬᠦ ᠲᠠᠯ᠎ᠠ ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠭᠤᠷᠬᠠᠶ ᠮᠠᠯᠲᠠᠬᠤ ᠤᠶᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠪᠡ︔ ᠤᠶᠢᠯᠡᠳᠬᠦ ᠤᠶᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠤᠶᠢᠯᠡᠳᠪᠤᠷᠢᠯᠡᠯ ᠪᠠ ᠬᠠᠩᠭᠠᠯᠭ᠎ᠠ ᠶᠢᠨ ᠤᠶᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠤᠨ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 85.6%᠂ 7.7% ᠪᠠ 6.7% ᠬᠦᠷᠪᠡ᠃     ᠡᠨᠧᠷᠭᠢ ᠶᠢᠨ ᠠᠵᠤ ᠦᠢᠯᠡᠳᠪᠦᠷᠢ ᠶᠢᠨ ᠬᠤᠪᠢ ᠨᠡᠮᠡᠷᠢ ᠳᠣᠪᠤᠶᠢᠮ᠎ᠠ ᠪᠠᠶᠢᠨ᠎ᠠ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 91.9% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 13.0 ᠵᠠᠭᠤᠨ ᠤ ᠬᠤᠪᠢ ᠨᠡᠮᠡᠭᠳᠡᠭᠦᠯᠵᠡᠢ᠃ ᠡᠭᠦᠨ ᠳᠤ᠂ ᠨᠡᠭᠦᠷᠡᠰᠦᠨ ᠤ ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠵᠦ᠂ ᠬᠤᠪᠢ ᠨᠡᠮᠡᠷᠢ ᠶᠢᠨ ᠨᠣᠷᠮ᠎ᠠ ᠨᠢ 90.9% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12.5 ᠵᠠᠭᠤᠨ ᠤ ᠬᠤᠪᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠭᠤᠤᠯ ᠬᠥᠳᠡᠯᠭᠡᠬᠦ ᠬᠦᠴᠦᠨ ᠪᠣᠯᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 4.3% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 0.6 ᠵᠠᠭᠤᠨ ᠤ ᠬᠤᠪᠢ ᠳᠠᠶᠢᠴᠢᠯᠠᠪᠠ᠃     ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠲᠦᠷᠭᠡᠨ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠤᠶᠢᠯᠡᠳᠬᠦ ᠤᠶᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠤᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 0.7 ᠵᠠᠭᠤᠨ ᠤ ᠬᠤᠪᠢ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 5.0% ᠪᠣᠯᠪᠠ᠃     ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠤᠯᠲᠠ ᠴᠥᠮ ᠬᠥᠭᠵᠢᠶᠡᠨ ᠲᠠᠢ ᠪᠠᠶᠢᠵᠤ᠂ 18 ᠲᠥᠷᠥᠯ ᠤᠨ ᠭᠤᠣᠯ ᠪᠣᠯᠬᠤ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ ᠬᠡᠪᠴᠢᠶ᠎ᠡ ᠨᠢ 77.8% ᠳᠤ ᠬᠦᠷᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ ᠨᠢ 98.5% ᠳᠤ ᠬᠦᠷᠴᠡᠢ᠃     ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠᠳᠠᠷᠠᠪᠠ᠃ ᠳ᠋ᠦᠩᠱᠧᠩ ᠲᠣᠭᠤᠷᠢᠭ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠪᠠ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 73 ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠲᠣᠭᠠᠨ ᠤ 79.4% ᠶᠢ ᠡᠵᠡᠯᠡᠪᠡ᠃ ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠯᠲᠡ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ 56% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠴᠢᠬᠤᠯᠠ ᠬᠥᠳᠡᠯᠭᠡᠬᠦ ᠬᠦᠴᠦᠨ ᠤ ᠡᠬᠢ  ᠢᠷᠡᠯᠳᠡ ᠪᠣᠯᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ