【ᠳ᠋ᠦᠩᠱᠧᠩ ᠤᠨ ᠬᠡᠬᠡᠷ᠎ᠡ ᠪᠠᠭᠤᠳᠠᠯᠯᠠᠬᠤ ᠭᠠᠵᠡᠷ】ᠵᠤᠤᠬ᠎ᠠ ᠶᠢᠨ ᠬᠤᠭᠤᠯᠠᠢ · ᠶᠠᠨ ᠯᠢᠨ ᠾᠧ ᠬᠥ᠋
ᠨᠡᠶᠢᠲᠡᠯᠡᠭᠰᠡᠨ ᠴᠠᠭ᠄
2024/4/29
    ᠵᠤᠤᠬ᠎ᠠ ᠶᠢᠨ ᠬᠤᠭᠤᠯᠠᠢ · ᠶᠠᠨ ᠯᠢᠨ ᠾᠧ ᠬᠥ᠋ ᠪᠣᠯ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠵᠤᠤᠬ᠎ᠠ ᠶᠢᠨ ᠬᠤᠭᠤᠯᠠᠢ ᠲᠣᠰᠬᠤᠨ ᠤ ᠶᠧᠦ ᠹᠠᠩ ᠬᠤᠷᠰᠢᠶ᠎ᠠ ᠳᠤ ᠪᠠᠶᠢᠷᠢᠯᠠᠵᠤ᠂ ᠬᠤᠳᠠ ᠶᠢᠨ ᠲᠣᠭᠤᠷᠢᠭ ᠠᠴᠠ ᠪᠠᠷᠤᠭ 10 ᠺᠢᠯᠤᠮᠧᠲᠷ ᠵᠠᠶᠢᠲᠠᠢ ᠪᠠᠶᠢᠨ᠎ᠠ᠃ ᠠᠳᠡ ᠬᠡᠭᠡᠷ᠎ᠡ ᠪᠠᠭᠤᠳᠠᠯᠯᠠᠬᠤ᠂ ᠰᠢᠷᠡᠯᠭ᠎ᠠ ᠬᠢᠬᠦ᠂ ᠬᠡᠷ ᠤᠨ ᠠᠬᠠᠮᠠᠳ ᠪᠠ ᠦᠷ᠎ᠡ ᠬᠡᠦᠬᠡᠳ ᠤᠨ ᠵᠤᠭᠠᠴᠠᠯ ᠬᠢᠵᠤ ᠪᠤᠯᠬᠤ ᠪᠠᠷ ᠪᠠᠷᠠᠬᠤ ᠦᠭᠡᠢ ᠪᠠᠰᠠ ᠭᠤᠸ᠎ᠠ ᠰᠠᠶᠢᠬᠠᠨ ᠬᠡᠬᠡᠷ᠎ᠡ ᠶᠢᠨ ᠦᠵᠡᠮᠵᠢ ᠶᠢ ᠰᠤᠨᠢᠷᠬᠠᠵᠤ ᠪᠤᠯᠤᠨ᠎ᠠ᠃   ᠾᠧ ᠬᠥ᠋ ᠶᠠ ᠶᠤᠸᠠᠨ ᠬᠦᠷᠢᠶᠡᠯᠡᠩ᠄ ᠨᠢᠬᠡᠨ ᠵᠢᠵᠢᠭᠬᠡᠨ ᠬᠦᠰᠡᠯᠡᠩᠳᠤ ᠬᠦᠷᠢᠶᠡᠯᠡᠩ᠃ ᠲᠠᠷᠬᠡ ᠵᠢᠯᠤᠭᠤᠳᠤᠨ ᠨᠠᠷᠭᠢᠶᠠᠨ ᠲᠠᠢ ᠬᠤᠳᠠ ᠶᠢᠨ ᠦᠢᠮᠡᠭᠡᠨ ᠱᠤᠤᠭᠢᠶᠠᠨ ᠠᠴᠠ ᠵᠠᠶᠢᠳᠠᠵᠤ᠂ ᠠᠳᠠ ᠢᠷᠡᠵᠣ ᠪᠠᠶᠢᠭᠠᠯᠢ ᠶᠢᠨ ᠦᠵᠡᠮᠵᠢ ᠳᠤ ᠰᠤᠭᠳᠤᠭᠤᠷᠠᠵᠤ ᠪᠤᠯᠤᠨ᠎ᠠ᠃    ᠠᠮᠢ ᠠᠬᠤᠢ ᠶᠢᠨ ᠬᠡᠷᠳᠤ ᠲᠡᠷᠭᠡ ᠶᠢᠨ ᠪᠠᠭᠤᠳᠠᠯᠯᠠᠬᠤ ᠭᠠᠵᠠᠷ᠄ ᠬᠡᠷᠳᠣ ᠲᠡᠷᠬᠡ ᠶᠢᠨ ᠲᠤᠳᠤᠷ᠎ᠠ ᠲᠤᠰᠠᠭᠠᠷ ᠤᠬᠢᠶᠠᠯᠭ᠎ᠠ ᠶᠢᠨ ᠬᠡᠷ᠂ ᠲᠣᠭᠤᠭᠠᠨ ᠭᠡᠷ᠂ ᠠᠭᠠᠷ ᠲᠣᠬᠢᠷᠠᠭᠤᠯᠤᠭᠴᠢ᠂ ᠲᠧᠯᠸᠢᠰ ᠵᠡᠷᠭᠡ ᠪᠦᠷᠢᠨ ᠲᠡᠭᠦᠯᠳᠡᠷ ᠲᠥᠬᠦᠭᠡᠷᠦᠮᠵᠢ ᠲᠠᠢ ᠪᠣᠶ᠃    K ᠳᠠᠭᠤᠤ ᠶᠢᠨ ᠬᠦᠷᠢᠶᠡᠯᠡᠩ᠄ ᠳᠣᠲᠣᠷ᠎ᠠ ᠨᠢ KTV ᠶᠢᠨ ᠪᠦᠷᠢᠨ ᠲᠦᠬᠦᠬᠡᠷᠦᠮᠵᠢ᠂ ᠭᠡᠷ ᠪᠦᠯᠢ ᠶᠢᠨ ᠺᠢᠨᠣ᠋ ᠶᠢᠨ ᠣᠷᠳᠣᠨ᠂ ᠲᠤᠰᠠᠭᠠᠷ ᠤᠬᠢᠶᠠᠯᠭ᠎ᠠ ᠶᠢᠨ ᠬᠡᠷ᠂ ᠰᠢᠲᠠᠷ᠎ᠠ ᠫᠠᠢ ᠶᠢᠨ ᠨᠠᠭᠠᠳᠤᠮ ᠵᠡᠷᠬᠡ ᠴᠡᠩᠬᠡᠯᠡᠬᠦ ᠲᠦᠬᠦᠬᠡᠷᠦᠮᠵᠢ ᠲᠠᠢ ᠪᠠᠶᠢᠵᠤ᠂ ᠭᠠᠳᠠᠨ᠎ᠠ ᠨᠢ ᠬᠤᠶᠠᠷ ᠴᠤᠯᠤ ᠮᠣᠳᠣᠨ ᠰᠢᠷᠡᠭᠡ ᠰᠠᠨᠳᠠᠯᠢ᠂ ᠰᠢᠷᠠᠯᠭ᠎ᠠ ᠶᠢᠨ ᠵᠤᠤᠬ᠎ᠠ᠂ ᠮᠢᠬ᠎ᠠ ᠴᠢᠨᠠᠬᠤ ᠲᠣᠭᠤᠭ᠎ᠠ ᠪᠠ ᠨᠠᠷᠠᠨ ᠰᠢᠬᠦᠷ ᠵᠡᠷᠭᠡ ᠶᠢ ᠲᠤᠬᠢᠷᠠᠭᠤᠯᠵᠠᠢ᠃    ᠾᠧ ᠬᠥ᠋ ᠮᠠᠶᠢᠬᠠᠨ᠄ 300 ᠬᠥᠮᠥᠨ ᠢ ᠪᠠᠭᠳᠠᠭᠠᠵᠤ ᠲᠡᠶᠢᠯᠬᠦ ᠲᠤᠮᠤ ᠮᠠᠶᠢᠬᠠᠨ ᠪᠠᠶᠢᠵᠤ᠂ ᠪᠥᠵᠢᠭ ᠤᠨ ᠲᠠᠶᠢᠰᠠ᠂ ᠰᠢᠷᠡᠭᠡ ᠰᠠᠨᠳᠠᠯᠢ᠂ ᠰᠢᠷᠠᠯᠭ᠎ᠠ ᠶᠢᠨ ᠵᠤᠤᠬ᠎ᠠ ᠪᠠ ᠰᠢᠷᠠᠯᠭ᠎ᠠ ᠶᠢᠨ ᠬᠡᠷᠡᠭᠰᠡᠯ ᠢ ᠬᠠᠩᠭᠠᠨ᠎ᠠ᠃ ᠠᠳᠠ ᠺᠣᠮᠫᠠᠨᠢ ᠶᠢᠨ ᠣᠨ ᠤ ᠬᠤᠷᠠᠯ᠂ ᠠᠵᠤ ᠠᠬᠤᠶᠢᠯᠠᠯ ᠤᠨ ᠪᠦᠯᠬᠦᠮ ᠤᠨ ᠪᠠᠶᠢᠭᠤᠯᠤᠯᠲᠠ ᠶᠢᠨ ᠠᠵᠢᠯᠯᠠᠭ᠎ᠠ᠂ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠶᠢᠨ ᠲᠡᠭᠦᠰᠬᠦ ᠶᠤᠰᠤᠯᠠᠯ᠂ ᠨᠠᠮ ᠡᠪᠯᠡᠯ ᠤᠨ ᠠᠵᠢᠯᠯᠠᠭ᠎ᠠ ᠶᠢ ᠡᠷᠭᠢᠯᠡᠬᠦ ᠬᠠᠮᠤᠭ ᠤᠨ ᠰᠠᠶᠢᠨ ᠰᠣᠩᠭᠤᠯᠲᠠ ᠶᠢᠨ ᠭᠠᠵᠡᠷ ᠪᠣᠯᠣᠨ᠎ᠠ᠃    ᠬᠠᠶ᠋ᠢᠭ᠄ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠠᠨᠳᠠᠢ ᠪᠠᠯᠭᠠᠰᠤᠨ ᠤ ᠵᠤᠤᠬ᠎ᠠ ᠶᠢᠨ ᠬᠤᠭᠤᠯᠠᠢ ᠲᠣᠰᠬᠤᠨ ᠤ ᠶᠧᠦ ᠹᠠᠩ ᠬᠤᠷᠰᠢᠶ᠎ᠠ
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ