ᠵᠣᠣ ᠲᠦᠩ ᠷᠦ᠋ ︵1910 ᠣᠨ — 1969 ᠣᠨ︶
ᠨᠡᠶᠢᠲᠡᠯᠡᠭᠰᠡᠨ ᠴᠠᠭ᠄
2024/4/29
    ᠵᠣᠣ ᠲᠦᠩ ᠷᠦ᠋ ︵1910 ᠣᠨ — 1969 ᠣᠨ︶ ᠪᠣᠯ ᠣᠷᠳᠣᠰ ᠤᠨ ᠬᠤᠪᠢᠰᠬᠠᠯ ᠤᠨ ᠲᠡᠦᠬᠡᠨ ᠳᠠᠬᠢ ᠪᠠᠰᠠ ᠨᠢᠭᠡᠨ ᠴᠢᠬᠤᠯᠠ ᠬᠦᠮᠦᠨ ᠪᠤᠯᠬᠤ ᠶᠤᠮ᠂ ᠶᠡᠭᠡ ᠵᠣᠣ ᠠᠶᠢᠮᠠᠭ ᠤᠨ ᠴᠢᠭᠤᠯᠭᠠᠨ ︵ᠣᠷᠳᠣᠰ᠂ ᠳᠣᠷᠣᠭᠰᠢ ᠶᠡᠭᠡ ᠵᠤᠤ ᠠᠶᠢᠮᠠᠭ ᠭᠡᠵᠦ ᠲᠣᠪᠴᠢᠯᠠᠨ᠎ᠠ︶ ᠤ ᠬᠤᠪᠢᠰᠬᠠᠯᠲᠤ ᠲᠡᠮᠡᠴᠡᠯ ᠢ ᠬᠠᠮᠤᠭ ᠤᠨ ᠡᠷᠲᠡ ᠥᠷᠨᠢᠭᠦᠯᠦᠭᠰᠡᠨ ᠪᠠ ᠭᠤᠣᠯ ᠤᠳᠤᠷᠢᠳᠤᠭᠴᠢ ᠶᠢᠨ ᠨᠢᠭᠡ ᠨᠢ ᠪᠣᠯᠣᠨ᠎ᠠ᠃ 1938 ᠣᠨ ᠤ 11 ᠰᠠᠷ᠎ᠠ ᠳᠤ ᠠᠩᠬ᠎ᠠ ᠤᠳᠠᠭ᠎ᠠ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠡᠭᠡ ᠵᠤᠤ ᠠᠶᠢᠮᠠᠭ ᠤᠨ ᠠᠵᠢᠯ ᠤᠨ ᠵᠥᠪᠯᠡᠯ ᠪᠣᠯᠣᠨ 1945 ᠣᠨ ᠤ 2 ᠰᠠᠷ᠎ᠠ ᠳᠤ ᠬᠤᠶᠠᠳᠠᠭᠢ ᠤᠳᠠᠭ᠎ᠠ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠡᠭᠡ ᠵᠤᠤ ᠠᠶᠢᠮᠠᠭ ᠤᠨ ᠠᠵᠢᠯ ᠤᠨ ᠵᠥᠪᠯᠡᠯ ᠳᠤ ᠲᠡᠷᠡ ᠴᠦᠮ ᠱᠦᠵᠢ ᠶᠢᠨ ᠲᠣᠰᠢᠶᠠᠯ ᠢ ᠬᠠᠷᠢᠭᠤᠴᠠᠵᠤ ᠪᠠᠶᠢᠪᠠ᠃ ᠮᠣᠩᠭᠤᠯ ᠬᠢᠲᠠᠳ ᠠᠷᠠᠳ ᠲᠦᠮᠡᠨ ᠢ ᠤᠳᠤᠷᠢᠳᠤᠨ ᠹᠧᠣᠳᠠᠯ ᠤᠨ ᠸᠠᠩ ᠭᠦᠩ ᠤᠨ ᠪᠠᠶᠢᠭᠤᠯᠤᠯ ᠢ ᠡᠰᠡᠷᠭᠦᠴᠡᠬᠦ᠂ ᠦᠨᠳᠦᠰᠦᠲᠡᠨ  ᠨᠦᠭᠦᠳ ᠤᠨ ᠠᠷᠠᠳ ᠲᠦᠮᠡᠨ ᠢ ᠳᠠᠶᠢᠴᠢᠯᠠᠨ ᠶᠠᠫᠤᠨ ᠢ ᠡᠰᠡᠷᠭᠦᠴᠡᠬᠦ ᠲᠡᠮᠡᠴᠡᠯ ᠳᠤ ᠣᠷᠣᠯᠴᠠᠭᠤᠯᠬᠤ᠂ ᠰᠠᠭᠤᠷᠢᠨ ᠭᠠᠵᠠᠷ ᠪᠠ ᠨᠢᠭᠡᠳᠦᠮᠡᠯ ᠹᠷᠣᠨᠲ ᠤᠨ ᠠᠵᠢᠯ ᠢ ᠪᠠᠬᠢᠵᠢᠭᠦᠯᠦᠨ ᠬᠥᠭᠵᠢᠭᠦᠯᠬᠦ ᠵᠢᠴᠢ ᠭᠤᠮᠢᠨᠳᠠᠩ ᠤᠨ ᠲᠡᠷᠰᠯᠡᠭᠦᠴᠦᠳ ᠯᠦᠭᠡ ᠶᠢᠨ ᠲᠡᠮᠡᠴᠡᠯ ᠳᠤ ᠴᠥᠮ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ᠂ ᠴᠢᠬᠤᠯᠠ ᠦᠢᠯᠡᠳᠦᠯ ᠭᠠᠷᠭᠠᠭᠰᠠᠨ ᠪᠠᠶᠢᠨ᠎ᠠ᠃     ᠵᠤᠤ ᠲᠦᠩ ᠷᠦ᠋ ᠪᠣᠯ ᠱᠠᠨᠰᠢ ᠶᠢᠨ ᠠᠨ ᠳ᠋ᠢᠩ ᠰᠢᠶᠠᠨ ︵ᠤᠳᠤ ᠶᠢᠨ ᠽᠢ ᠴᠠᠩ ᠰᠢᠶᠠᠨ ᠳᠠᠷᠤᠢ ᠸᠠ ᠶᠣᠣ ᠪᠦᠦ︶ ᠤ ᠬᠥᠮᠥᠨ᠂ 1910 ᠣᠨ ᠤ 2 ᠰᠠᠷ᠎ᠠ ᠶᠢᠨ 5 ᠤ ᠡᠳᠦᠷ ︵ᠪᠢᠯᠢᠭ ᠤᠨ ᠤᠯᠠᠷᠢᠯ ᠤᠨ 12 ᠰᠠᠷ᠎ᠠ ᠶᠢᠨ 26 ᠤ ᠡᠳᠦᠷ᠂ ᠬᠡᠪᠲᠦ ᠶᠣᠰᠣᠲᠤ ᠶᠢᠨ ᠬᠤᠶᠠᠳᠤᠭᠠᠷ ᠣᠨ︶ ᠠᠨ ᠳ᠋ᠢᠩ ᠰᠢᠶᠠᠨ ᠤ ᠵᠤᠤ ᠵᠢᠶᠠ ᠲᠠᠢ ᠳᠤ ᠲᠦᠷᠦᠵᠡᠢ᠂ 1912 ᠣᠨ ᠳᠤ ᠡᠴᠢᠭᠡ ᠡᠬᠡ ᠪᠠᠨ ᠲᠠᠭᠠᠵᠤ ᠰᠢᠶᠠᠨ ᠤ ᠵᠠᠰᠠᠭ ᠤᠨ ᠣᠷᠳᠣᠨ ᠤ ᠪᠠᠶᠢᠭ᠎ᠠ ᠸᠠ ᠶᠣᠣ ᠪᠦᠦ ᠳᠤ ᠨᠡᠭᠦᠨᠰᠠᠭᠤᠵᠠᠢ᠃     1924 ᠣᠨ ᠤ ᠵᠤᠨ ᠵᠤᠤ ᠲᠦᠩ ᠷᠦ᠋ ᠳ᠋ᠢᠩ ᠠᠨ ᠰᠢᠶᠠᠨ ᠤ ᠬᠤᠶᠠᠳᠤᠭᠠᠷ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠠᠴᠠ ᠲᠡᠭᠦᠰᠴᠦ᠂ ᠲᠤᠰ ᠵᠢᠯ ᠤᠨ ᠨᠠᠮᠤᠷ ᠮᠤᠵᠢ ᠠᠴᠠ ᠪᠠᠶᠢᠭᠤᠯᠤᠭᠰᠠᠨ ᠰᠦᠢᠳᠧ ᠶᠢᠨ ᠳᠥᠷᠪᠡᠳᠦᠭᠡᠷ ᠪᠠᠭᠰᠢ ᠶᠢᠨ ᠰᠤᠷᠭᠠᠭᠤᠯᠢ ᠳᠤ ᠰᠢᠯᠭᠠᠨ ᠣᠷᠣᠵᠠᠢ᠃ ᠲᠣᠰ ᠬᠤᠭᠤᠴᠠᠭᠠᠨ ᠳᠤ ᠰᠤᠷᠭᠠᠭᠤᠯᠢ ᠶᠢᠨ ᠵᠠᠬᠢᠷᠤᠯ ᠯᠢ ᠽᠢ ᠵᠧᠦ ᠶᠢᠨ ᠨᠦᠯᠦᠭᠡᠯᠡᠯ ᠳᠣᠣᠷ᠎ᠠ ᠵᠤᠤ ᠲᠦᠩ ᠷᠦ᠋ ᠵᠡᠷᠭᠡ ᠨᠢᠭᠡ ᠪᠦᠯᠦᠭ ᠰᠤᠷᠤᠭᠴᠢᠳ ᠮᠠᠷᠺᠰ ᠤᠨ ᠦᠵᠡᠯ ᠢ ᠭᠥᠯᠢᠶᠡᠨ ᠠᠪᠤᠭᠠᠳ ᠬᠤᠪᠢᠰᠬᠠᠯ ᠤᠨ ᠵᠠᠮ ᠢᠶᠠᠷ ᠵᠠᠮᠨᠠᠭᠰᠠᠨ ᠪᠠᠶᠢᠨ᠎ᠠ᠃ 1924 ᠣᠨ ᠳᠤ ᠵᠤᠤ ᠲᠦᠩ ᠷᠦ᠋ ᠸᠠᠩ ᠮᠣᠣ ᠲᠢᠩ᠂ ᠲᠢᠶᠠᠨ ᠪᠥᠸᠧ ᠶᠢᠩ ᠤᠨ ᠬᠥᠮᠥᠵᠢᠭᠦᠯᠦᠯ ᠲᠠᠨᠢᠯᠴᠠᠭᠤᠯᠭ᠎ᠠ ᠪᠠᠷ ᠡᠪ ᠬᠠᠮᠲᠤ ᠵᠠᠯᠠᠭᠤᠴᠤᠳ ᠤᠨ ᠡᠪᠯᠡᠯ ᠳᠤ ᠣᠷᠣᠪᠠ᠂ ᠱᠠᠨᠪᠧᠢ ᠶᠢᠨ ᠡᠪ ᠬᠠᠮᠲᠤ ᠵᠠᠯᠠᠭᠤᠴᠤᠳ ᠤᠨ ᠡᠪᠯᠡᠯ ᠳᠤ ᠬᠠᠮᠤᠭ ᠡᠷᠲᠡ ᠣᠷᠣᠭᠰᠠᠨ ᠠᠷᠪᠠᠨ ᠬᠥᠮᠥᠨ ᠤ ᠨᠢᠭᠡ ᠨᠢ ᠪᠠᠶᠢᠵᠤ᠂ ᠳᠠᠷᠠᠭ᠎ᠠ ᠵᠢᠯ ᠳᠤᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠪᠠ᠃ 1926 ︱ 1927 ᠤᠨ ᠤ ᠦᠶ᠎ᠡ ᠳᠤ ᠵᠤᠤ ᠲᠦᠩ ᠷᠦ᠋ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠳᠧ ᠲᠤᠰᠬᠠᠢ ᠣᠷᠣᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠡᠪ ᠬᠠᠮᠲᠤ ᠵᠠᠯᠠᠭᠤᠴᠤᠳ ᠤᠨ ᠡᠪᠯᠡᠯ ᠤᠨ  ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠠᠢ᠃     ᠵᠤᠤ ᠲᠦᠩ ᠷᠦ᠋ ᠰᠦᠢᠳᠧ ᠶᠢᠨ ᠪᠠᠭᠰᠢ ᠶᠢᠨ ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ᠂ ᠰᠦᠢᠳᠧ ᠶᠢᠨ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠪᠠᠭᠰᠢᠯᠠᠵᠤ᠂ ᠪᠠᠭᠰᠢ ᠶᠢᠨ ᠠᠵᠢᠯ ᠢᠶᠠᠷ ᠬᠠᠯᠬᠠᠪᠴᠢ ᠪᠣᠯᠭᠠᠨ ᠬᠤᠪᠢᠰᠬᠠᠯ ᠤᠨ ᠠᠵᠢᠯᠯᠠᠭ᠎ᠠ ᠦᠷᠨᠢᠭᠦᠯᠵᠦ ᠡᠬᠢᠯᠡᠵᠡᠢ᠃1928 ᠣᠨ ᠤ ᠡᠬᠢ ᠪᠠᠷ ᠱᠠᠨᠰᠢ ᠮᠤᠵᠢ ᠶᠢᠨ ᠬᠢᠨ ᠳ᠋ᠦ᠋ ᠾᠧᠩ ᠢ ᠰᠦᠢᠳᠧ ᠳᠤ ᠲᠣᠮᠢᠯᠠᠨ ᠢᠷᠡᠭᠦᠯᠵᠦ᠂ ᠵᠤᠤ ᠲᠦᠩ ᠷᠦ᠋ ᠳᠡᠳᠡᠨ ᠲᠠᠢ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠬᠤᠯᠪᠣᠭ᠎ᠠ ᠲᠠᠢ ᠪᠣᠯᠤᠭᠰᠠᠨ ᠤ ᠳᠠᠷᠠᠭ᠎ᠠ ᠱᠠᠨᠪᠧᠢ ᠶᠢᠨ ᠣᠨᠴᠠᠭᠠᠢ ᠬᠤᠷᠢᠶ᠎ᠠ ᠶᠢ ᠪᠠᠶᠢᠭᠤᠯᠬᠤ ᠶᠢᠨ ᠬᠠᠮᠲᠤ ᠪᠦᠬᠦ ᠲᠠᠯ᠎ᠠ ᠪᠠᠷ ᠪᠡᠯᠡᠳᠬᠡᠯ ᠠᠵᠢᠯ ᠢ ᠡᠭᠦᠷᠭᠡᠯᠡᠬᠦ ᠪᠠᠷ ᠵᠥᠪᠳᠡᠯᠴᠡᠨ ᠲᠣᠭᠲᠠᠵᠠᠢ᠃ ᠬᠠᠪᠤᠷ ᠤᠨ ᠤᠯᠠᠷᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠨᠪᠧᠢ ᠶᠢᠨ ᠡᠯ᠎ᠡ ᠰᠢᠶᠠᠨ ᠤ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠣᠭᠤᠯᠪᠠ᠃ ᠶᠠᠭ ᠡᠨᠡ ᠤᠳᠠᠭᠠᠨ ᠤ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠨᠪᠧᠢ ᠶᠢᠨ ᠣᠨᠴᠠᠭᠠᠶ ᠬᠤᠷᠢᠶ᠎ᠠ ᠪᠣᠯᠣᠨ ᠡᠪ ᠬᠠᠮᠲᠤ ᠵᠠᠯᠠᠭᠤᠴᠤᠳ ᠤᠨ ᠡᠪᠯᠡᠯ ᠤᠨ ᠱᠠᠨᠪᠧᠢ ᠶᠢᠨ ᠣᠨᠴᠠᠭᠠᠶ ᠬᠤᠷᠢᠶ᠎ᠠ ᠶᠢ ᠪᠠᠶᠢᠭᠤᠯᠵᠤ᠂ ᠵᠤᠤ ᠲᠦᠩ ᠷᠦ᠋ ᠣᠨᠴᠠᠭᠠᠶ ᠬᠤᠷᠢᠶᠠᠨ ᠤ ᠲᠠᠷᠢᠶᠠᠴᠢᠨ ᠤ ᠬᠥᠳᠡᠯᠭᠡᠭᠡᠨ ᠤ ᠭᠡᠰᠢᠭᠦᠨ ᠪᠥᠭᠡᠳ ᠰᠦᠢᠳᠧ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠠᠢ᠃    1929 ᠣᠨ ᠤ ᠡᠬᠢ ᠪᠠᠷ ᠵᠤᠤ ᠲᠦᠩ ᠷᠦ᠋ ᠱᠠᠨᠪᠧᠢ ᠶᠢᠨ ᠡᠯ᠎ᠡ ᠰᠢᠶᠠᠨ ᠤ ᠨᠠᠮ ᠤᠨ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠦᠷᠭᠦᠯᠵᠢᠯᠡᠨ ᠬᠤᠷᠠᠯᠳᠤᠭᠤᠯᠬᠤ ᠪᠠᠷ ᠪᠡᠯᠡᠳᠬᠡᠵᠦ᠂ ᠬᠤᠷᠠᠯ ᠤᠨ ᠲᠠᠷᠠᠭ᠎ᠠ ᠲᠡᠷᠡ ᠣᠨᠴᠠᠭᠠᠶ ᠬᠤᠷᠢᠶᠠᠨ ᠤ ᠲᠤᠰᠬᠠᠢ ᠲᠤᠰᠢᠶᠠᠯᠲᠤ ᠭᠡᠰᠢᠭᠦᠨ᠂ ᠡᠮᠦᠨ᠎ᠡ ᠵᠠᠮ ᠤᠨ ᠣᠨᠴᠠ ᠲᠣᠮᠢᠯᠠᠭᠳᠠᠭᠰᠠᠳ ᠤᠨ ᠲᠤᠰᠢᠶᠠᠯ ᠢ ᠬᠠᠷᠢᠭᠤᠴᠠᠵᠤ᠂ ᠳᠠᠷᠤᠢ ᠴᠢᠩᠵᠢᠶᠠᠨ ᠠᠴᠠ ᠡᠮᠦᠨᠡᠰᠢᠬᠢ ᠠᠷᠪᠠᠨ ᠭᠤᠷᠪᠠᠨ ᠰᠢᠶᠠᠨ ᠤ ᠠᠵᠢᠯ ᠢ ᠤᠳᠤᠷᠢᠳᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩᠵᠢᠶᠠᠨ ᠤ ᠭᠤᠣᠯ ᠰᠢᠶᠠᠨ ᠤ ᠬᠤᠷᠢᠶᠠᠨ ᠤ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠠᠢ᠃ ᠲᠤᠬᠠᠢ ᠶᠢᠨ ᠦᠶ᠎ᠡ ᠶᠢᠨ ᠴᠢᠩ ᠵᠢᠶᠠᠨ᠂ ᠠᠨ ᠳ᠋ᠢᠩ᠂ ᠶᠠᠨ ᠴᠤᠸᠠᠨ᠂ ᠶᠠᠨ ᠴᠠᠩ᠂ ᠶᠠᠨ ᠠᠨ ᠵᠡᠷᠭᠡ ᠲᠠᠪᠤᠨ ᠰᠢᠶᠠᠨ ᠤ ᠠᠵᠢᠯ ᠢ ᠲᠡᠷᠡ ᠪᠦᠬᠦ ᠲᠠᠯ᠎ᠠ ᠪᠠᠷ ᠬᠠᠷᠢᠭᠤᠴᠠᠵᠤ ᠪᠠᠶᠢᠪᠠ᠃ ᠲᠡᠷᠡ ᠱᠢᠶᠧ ᠽᠢ ᠴᠠᠩ᠂ ᠪᠠᠢ ᠮᠢᠩ ᠱᠠᠨ ᠵᠡᠷᠭᠡ ᠬᠤᠪᠢᠰᠬᠠᠯ ᠤᠨ ᠪᠤᠰᠤᠳ ᠤᠳᠤᠷᠢᠳᠬᠤ ᠬᠥᠮᠥᠰ ᠲᠠᠢ ᠬᠠᠮᠲᠤ ᠪᠠᠷ ᠲᠠᠪᠤᠨ ᠰᠢᠶᠠᠨ ᠤ ᠨᠢᠭᠡ ᠪᠦᠯᠦᠭ ᠬᠤᠷᠠᠯ ᠤᠳ ᠢ ᠬᠤᠷᠠᠯᠳᠤᠭᠤᠯᠵᠤ᠂ ᠬᠤᠪᠢᠰᠬᠠᠯ ᠤᠨ ᠠᠵᠢᠯ ᠢ ᠰᠦᠷ ᠳᠠᠯᠠᠶᠢᠴᠠᠲᠠᠢ ᠪᠠᠷ ᠥᠷᠨᠢᠭᠦᠯᠵᠡᠢ᠃     1930 ᠣᠨ ᠤ ᠡᠬᠢᠨ ᠠᠴᠠ 1935 ᠣᠨ ᠤ ᠬᠠᠪᠤᠷ ᠪᠣᠯᠲᠠᠯ᠎ᠠ᠂ ᠵᠤᠤ ᠲᠦᠩ ᠷᠦ᠋ ᠪᠸᠢᠢᠫᠢᠩ ᠳᠤ ᠰᠤᠷᠤᠯᠴᠠᠬᠤ ᠶᠢᠨ ᠳᠠᠭᠠᠤ ᠠᠵᠢᠯᠯᠠᠵᠤ᠂ ᠠᠯᠢ ᠣᠯᠠᠨ ᠬᠤᠪᠢᠰᠬᠠᠯᠲᠤ ᠠᠵᠢᠯᠯᠠᠭ᠎ᠠ ᠶᠢ ᠥᠷᠨᠢᠭᠦᠯᠪᠡ᠃     1936 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠨᠰᠢ ᠭᠠᠨᠰᠤ ᠨᠢᠩᠰᠢᠶᠠ ᠮᠤᠵᠢ ᠶᠢᠨ ᠬᠤᠷᠢᠶ᠎ᠠ ᠪᠠᠶᠢᠭᠤᠯᠤᠭᠳᠠᠵᠤ᠂ ᠵᠤᠤ ᠲᠦᠩ ᠷᠦ᠋ ᠮᠣᠩᠭᠤᠯ ᠦᠨᠳᠦᠰᠦᠲᠡᠨ ᠤ ᠭᠠᠵᠠᠷ ᠣᠷᠣᠨ ᠤ ᠠᠵᠢᠯ ᠢ ᠦᠷᠨᠢᠭᠦᠯᠬᠦ ᠪᠠᠷ ᠲᠣᠮᠢᠯᠠᠭᠳᠠᠨ᠂ ᠮᠠᠨ ᠤ ᠨᠠᠮ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠢ ᠨᠡᠭᠡᠭᠡᠨ ᠬᠥᠭᠵᠢᠭᠦᠯᠬᠦ ᠠᠵᠢᠯ ᠤᠨ ᠡᠭᠦᠳᠦᠨ ᠨᠡᠭᠡᠭᠡᠭᠴᠢ ᠪᠠ ᠬᠠᠷᠢᠭᠤᠴᠠᠯᠭᠠᠲᠠᠨ ᠤ ᠨᠢᠭᠡ ᠨᠢ ᠪᠣᠯᠤᠭᠰᠠᠨ ᠪᠠᠶᠢᠨ᠎ᠠ᠃ ᠲᠡᠭᠦᠨ ᠠᠴᠠ ᠬᠤᠶᠢᠰᠢ ᠲᠡᠷᠡ ᠮᠣᠩᠭᠤᠯ ᠦᠨᠳᠦᠰᠦᠲᠡᠨ ᠤ ᠭᠠᠵᠠᠷ ᠣᠷᠣᠨ ︵ᠭᠤᠤᠯᠳᠠᠭᠤ ᠶᠡᠭᠡ ᠵᠤᠤ ᠠᠶᠢᠮᠠᠭ︶ ᠳᠤ ᠬᠤᠪᠢᠰᠬᠠᠯ ᠤᠨ ᠠᠵᠢᠯᠯᠠᠭ᠎ᠠ ᠦᠷᠨᠢᠭᠦᠯᠵᠦ᠂ ᠪᠠᠰᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠶᠤᠮ᠃     ᠵᠣᠣ ᠲᠦᠩ ᠷᠦ᠋ 1936 ᠣᠨ ᠤ 5 ᠰᠠᠷ᠎ᠠ ᠳᠤ ᠣᠷᠳᠣᠰ ᠲᠤ ᠢᠷᠡᠭᠰᠡᠨ ᠤ ᠳᠠᠷᠠᠭ᠎ᠠ ᠠᠷᠪᠠᠨ ᠬᠡᠳᠦᠨ ᠵᠢᠯ ᠡᠷᠡᠯᠬᠡᠭᠯᠡᠨ ᠠᠵᠢᠯᠯᠠᠵᠤ᠂ ᠮᠣᠩᠭᠤᠯ ᠤᠨ ᠠᠵᠢᠯ ᠤᠨ ᠬᠤᠷᠢᠶ᠎ᠠ ᠪᠠᠶᠢᠭᠤᠯᠤᠭᠳᠠᠭᠰᠠᠨ ᠤ ᠳᠠᠷᠠᠭ᠎ᠠ ᠳ᠋ᠢᠩᠪᠢᠶᠠᠨ᠂ ᠭᠤᠷᠪᠠᠳᠤᠭᠠᠷ ᠬᠡᠰᠡᠭ ᠲᠤ ᠮᠠᠯᠴᠢᠳ ᠤᠨ ᠵᠣᠴᠢᠯᠠᠬᠤ ᠭᠠᠵᠠᠷ ᠪᠠᠶᠢᠭᠤᠯᠵᠤ᠂ ᠨᠠᠰᠢ ᠴᠠᠰᠢ ᠶᠠᠪᠤᠯᠴᠠᠵᠤ ᠪᠠᠶᠢᠭ᠎ᠠ ᠮᠣᠩᠭᠤᠯ ᠦᠨᠳᠦᠰᠦᠲᠡᠨ᠂ ᠬᠤᠲᠣᠩ ᠦᠨᠳᠦᠰᠦᠲᠡᠨ ᠤ ᠣᠯᠠᠨ ᠲᠦᠮᠡᠨ ᠢ ᠬᠦᠯᠢᠶᠡᠨ ᠠᠪᠴᠤ᠂ ᠳᠡᠳᠡᠨ ᠢ ᠬᠠᠯᠠᠭᠤᠨ ᠢᠶᠠᠷ ᠵᠣᠴᠢᠯᠠᠭᠰᠠᠨ ᠪᠦᠭᠡᠳ ᠳᠠᠭᠠᠭᠤᠯᠤᠨ ᠰᠣᠪᠢᠶᠠᠳ ᠣᠷᠣᠨ ᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠭᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠬᠠᠭᠤᠯᠵᠤ᠂ ᠶᠠᠪᠤᠬᠤ ᠦᠶ᠎ᠡ ᠳᠡᠭᠡᠨ ᠳᠡᠳᠡᠨ ᠳᠤ ᠪᠠᠰᠠ ᠡᠳᠦᠢ ᠲᠡᠳᠦᠢ ᠪᠡᠯᠡᠭ ᠬᠦᠷᠭᠡᠵᠦ᠂ ᠨᠥᠬᠦᠷᠯᠡᠯ ᠢᠶᠠᠨ ᠨᠡᠮᠡᠭᠳᠡᠭᠦᠯᠦᠨ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠳᠡᠭ ᠪᠠᠶᠢᠪᠠ᠃ ᠲᠡᠷᠡ ᠪᠠᠰᠠ ᠣᠷᠳᠣᠰ ᠤᠨ ᠮᠣᠩᠭᠤᠯ ᠬᠢᠲᠠᠳ ᠦᠨᠳᠦᠰᠦᠲᠡᠨ ᠨᠦᠭᠦᠳ ᠤᠨ ᠠᠷᠠᠳ ᠲᠦᠮᠡᠨ᠂ ᠮᠣᠩᠭᠤᠯ ᠦᠨᠳᠦᠰᠦᠲᠡᠨ ᠤ ᠳᠡᠭᠡᠳᠦ ᠳᠠᠪᠬᠤᠷᠭ᠎ᠠ ᠶᠢᠨ ᠬᠥᠮᠥᠰ ᠢ ᠳᠠᠳᠠᠨ ᠠᠪᠴᠤ ᠶᠠᠫᠤᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠲᠤ ᠣᠷᠣᠯᠴᠠᠭᠤᠯᠬᠤ ᠶᠢ ᠢᠳᠡᠪᠬᠢᠲᠡᠢ ᠥᠷᠨᠢᠭᠦᠯᠵᠦ ᠪᠠᠶᠢᠪᠠ᠃ ᠵᠤᠤ ᠲᠦᠩ ᠷᠦ᠋ ᠠᠳᠡ ᠮᠠᠰᠢ ᠤᠯᠠᠨ ᠮᠣᠩᠭᠤᠯ ᠨᠠᠶᠢᠵᠠ ᠲᠠᠢ ᠲᠠᠨᠢᠯᠴᠠᠵᠤ᠂ ᠲᠡᠭᠦᠨ ᠤ ᠬᠤᠶᠢᠰᠢᠳᠠ ᠶᠢᠨ ᠮᠣᠩᠭᠤᠯ ᠬᠤᠰᠢᠭᠤᠨ ᠤ ᠠᠵᠢᠯ ᠢ ᠥᠷᠨᠢᠭᠦᠯᠬᠦ ᠳᠤ ᠤᠯᠠᠨ ᠲᠦᠮᠡᠨ ᠤ ᠰᠠᠭᠤᠷᠢ ᠶᠢ ᠲᠠᠯᠪᠢᠭᠰᠠᠨ ᠪᠠᠶᠢᠨ᠎ᠠ᠃     1946 ᠣᠨ ᠤ 10 ᠰᠠᠷ᠎ᠠ ᠳᠤ ᠶᠡᠭᠡ ᠵᠤᠤ ᠶᠢᠨ ᠴᠢᠭᠤᠯᠭᠠᠨ ᠤ ᠬᠤᠪᠢᠰᠬᠠᠯ ᠤᠨ ᠲᠡᠦᠬᠡᠨ ᠳᠠᠬᠢ ᠠᠯᠳᠠᠷᠲᠤ ︽ᠠᠷᠠᠯ ᠤᠨ ᠬᠡᠷᠡᠭ︾ ᠤᠨ ᠳᠤᠮᠳᠠ ᠳᠠᠶᠢᠰᠤᠨ ᠳᠤ ᠣᠯᠵᠠᠯᠠᠭᠳᠠᠵᠤ᠂ ᠱᠠᠨᠰᠢ ᠶᠢᠨ ᠲᠡᠮᠡᠭᠡᠲᠦ ᠶᠢᠨ ᠭᠢᠨᠳᠠᠨ ᠳᠤ ᠭᠤᠷᠪᠠᠨ ᠵᠢᠯ ᠬᠤᠷᠢᠭᠳᠠᠭᠠᠳ᠂ ᠪᠡᠶ᠎ᠡ ᠰᠡᠳᠬᠢᠯ ᠨᠢ ᠲᠤᠶᠢᠯ ᠤᠨ ᠶᠡᠭᠡ ᠪᠠᠷ ᠳᠠᠯᠬᠢᠭᠳᠠᠨ ᠲᠠᠮᠠᠤᠯᠠᠭᠳᠠᠵᠤ᠂ 1949 ᠣᠨ ᠤ 2 ᠰᠠᠷ᠎ᠠ ᠳᠤ ᠲᠡᠮᠡᠭᠡᠲᠦ ᠴᠢᠯᠦᠭᠡᠯᠡᠭᠳᠡᠬᠦ ᠦᠶ᠎ᠡ ᠳᠤ ᠰᠠᠶ᠋ᠢ  ᠰᠣᠯᠠᠯᠠᠭᠳᠠᠪᠠ᠃ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠲᠡᠷᠡ ᠮᠦᠨᠬᠦ‍ ᠨᠢᠭᠡ ᠰᠡᠳᠬᠢᠯ ᠢᠶᠠᠷ ᠲᠡᠮᠡᠴᠡᠨ ᠠᠵᠢᠯᠯᠠᠭᠰᠠᠭᠠᠷ ᠪᠠᠶᠢᠵᠤ᠂ 1969 ᠣᠨ ᠤ 12 ᠰᠠᠷ᠎ᠠ ᠳᠤ ᠨᠠᠰᠤ ᠪᠠᠷᠠᠪᠠ᠂ ᠨᠠᠰᠤᠨ ᠰᠡᠭᠦᠳᠡᠷ 60᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ