ᠳ᠋ᠦᠩᠱᠧᠩ ᠲᠣᠭᠤᠷᠢᠭ ᠤᠨ ᠬᠥᠮᠦᠨ ᠳᠤᠮᠳᠠᠴᠢ ᠶᠢᠨ GDP 17 ᠲᠦᠮᠡᠨ ᠲᠥᠭᠦᠷᠢᠭ ᠢ ᠳᠠᠪᠠᠵᠠᠢ
ᠨᠡᠶᠢᠲᠡᠯᠡᠭᠰᠡᠨ ᠴᠠᠭ᠄
2024/4/3
     ᠠᠩᠬ᠎ᠠ ᠠᠯᠬᠤᠮ ᠤᠨ ᠬᠠᠷᠭᠤᠭᠤᠯᠤᠨ ᠪᠤᠳᠤᠭᠰᠠᠨ ᠢᠶᠠᠷ᠂ 2023 ᠣᠨ ᠳᠤ ᠳ᠋ᠦᠩᠱᠧᠩ ᠲᠣᠭᠤᠷᠢᠭ ᠤᠨ ᠬᠥᠮᠦᠨ ᠳᠤᠮᠳᠠᠴᠢ ᠶᠢᠨ GDP ᠨᠢ 2022 ᠣᠨ ᠤ 164055 ᠲᠥᠭᠦᠷᠢᠭ ᠪᠠᠶᠢᠭᠰᠠᠨ ᠠᠴᠠ ᠪᠠᠨ 176759 ᠲᠥᠭᠦᠷᠢᠭ ᠪᠣᠯᠤᠨ ᠳᠡᠭᠡᠭᠰᠢᠯᠡᠵᠦ᠂ 17 ᠲᠦᠮᠡᠨ ᠲᠥᠭᠦᠷᠢᠭ ᠤᠨ ᠰᠢᠨ᠎ᠡ ᠳᠡᠭᠲᠡᠷ ᠲᠤ ᠭᠠᠷᠪᠠ᠃ 2023 ᠣᠨ ᠳᠤ ᠳ᠋ᠦᠩᠱᠧᠩ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 1030.51 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠦᠨ᠎ᠡ ᠬᠠᠩᠰᠢ ᠶᠢᠨ ᠬᠦᠴᠦᠨ ᠵᠦᠢᠯ ᠢ ᠬᠠᠰᠤᠭᠰᠠᠨ ᠤ ᠳᠠᠷᠠᠭ᠎ᠠ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ︔ ᠵᠢᠯ ᠤᠨ ᠡᠴᠦᠰ ᠲᠤ ᠪᠠᠶᠢᠩᠭᠤ ᠰᠠᠭᠤᠭ᠎ᠠ ᠬᠥᠮᠦᠨ ᠠᠮᠠ 58.52 ᠲᠦᠮᠡ ᠪᠠᠶᠢᠵᠤ᠂ ᠬᠤᠶᠠᠷ ᠵᠢᠯ ᠤᠨ ᠳᠤᠮᠳᠠᠴᠢ ᠬᠥᠮᠦᠨ ᠠᠮᠠ 58.3 ᠲᠦᠮᠡ ᠪᠣᠯᠪᠠ᠃ ᠡᠭᠦᠨ ᠠᠴᠠ ᠪᠤᠳᠤᠪᠠᠯ᠂ 2023 ᠣᠨ ᠳᠤ ᠳ᠋ᠦᠩᠱᠧᠩ ᠲᠣᠭᠤᠷᠢᠭ ᠤᠨ ᠬᠥᠮᠦᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 176759 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠢᠶᠠᠷ ᠨᠡᠮᠡᠭᠳᠡᠵᠦ᠂ 2023 ᠣᠨ ᠤ ᠠᠷᠠᠳ ᠤᠨ ᠵᠣᠭᠤᠰ ᠤᠨ ᠳᠤᠮᠳᠠᠴᠢ ᠭᠤᠪᠢᠭᠤᠯᠭ᠎ᠠ ᠶᠢᠨ ᠨᠣᠷᠮ᠎ᠠ 1 ᠳ᠋ᠣᠯᠯᠠᠷ ᠨᠢ 7.0467 ᠲᠥᠭᠦᠷᠢᠭ ᠠᠷᠠᠳ ᠤᠨ ᠵᠣᠭᠤᠰ ᠢᠶᠠᠷ ᠨᠤᠭᠤᠯᠤᠨ ᠪᠤᠳᠤᠪᠠᠯ 25084 ᠳ᠋ᠣᠯᠯᠠᠷ ᠪᠤᠯᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ