ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
    4 ᠰᠠᠷ᠎ᠠ ᠶᠢᠨ 29 ᠤ ᠡᠳᠤᠷ᠂ ᠳ᠋ᠦᠡᠭᠱᠸᠡᠭ ᠲᠤᠭᠤᠷᠢᠭ ᠤᠨ ᠵᠠᠰᠠᠭ ᠤᠨ ᠤᠷᠳᠤᠨ ᠤ ᠨᠠᠮ ᠤᠨ ᠲᠤᠭᠤᠢᠢᠯᠠᠩ ᠨᠠᠮ ᠤᠨ ᠰᠠᠭᠢᠯᠭ᠎ᠠ ᠪᠠᠳᠤ ᠶᠢᠨ ᠰᠤᠷᠤᠯᠴᠠᠯᠭ᠎ᠠ ᠭᠦᠮᠦᠵᠢᠯ ᠤᠨ ᠨᠤᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠤᠯ ᠲᠤᠭᠤᠢᠢᠯᠠᠩ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠬᠢᠯᠡᠪᠡ᠃    ᠨᠣᠮ ᠤᠩᠰᠢᠬᠤ ᠠᠩᠬᠢ ᠲᠥᠪᠯᠡᠷᠡᠭᠦᠯᠦᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠬᠤᠷᠠᠯ᠂ ᠠᠵᠢᠯᠯᠠᠭ᠎ᠠ ᠲᠡᠬᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠭᠰᠠᠨ ᠪᠥᠭᠡᠳ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠤᠷᠤᠯᠴᠠᠯᠭ᠎ᠠ ᠪᠠᠷ ᠳᠠᠮᠵᠢᠨ᠂ ᠤᠯᠠᠨ ᠢᠶᠠᠷ ᠢᠶᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠳᠤ ᠨᠡᠩ ᠪᠦᠬᠦ ᠲᠠᠯ᠎ᠠ ᠶᠢᠨ᠂ ᠭᠦᠨᠵᠡᠭᠡᠢ ᠣᠶᠢᠯᠠᠭᠠᠯᠲᠠ ᠡᠵᠡᠮᠰᠢᠯ ᠲᠠᠢ ᠪᠤᠯᠵᠤ᠂ ᠨᠢᠭᠡ ᠤᠳᠠᠭ᠎ᠠ ᠶᠢᠨ ᠬᠦᠨ ᠭᠦᠨᠵᠡᠭᠡᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠦᠷᠳᠡᠭᠰᠡᠨ ᠪᠠ ᠲᠥᠪ ᠴᠢᠩᠭ᠎ᠠ ᠨᠠᠮᠴᠢ ᠴᠢᠨᠠᠷ ᠢ ᠲᠠᠪᠳᠠᠯᠳᠠ ᠲᠠᠢ ᠪᠤᠯᠵᠠᠢ᠃    ᠬᠤᠷᠠᠯ ᠠᠴᠠ᠂ ᠨᠡᠩ ᠥᠨᠳᠥᠷ ᠪᠠᠷᠢᠮᠵᠢᠶ᠎ᠠ ᠪᠠᠷ ᠭᠦᠨᠵᠡᠭᠡᠢ ᠰᠤᠷᠤᠯᠴᠠᠨ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠬᠤ ᠶᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ︽ᠵᠢᠷᠭᠤᠭᠠᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠣᠯᠤᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠡᠬᠡᠭᠰᠢᠯᠡᠬᠦᠯᠦᠨ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨᠬᠦ ᠰᠡᠳᠬᠢᠯ ᠳᠡᠭᠡᠨ ᠬᠠᠳᠠᠩᠰᠢᠭᠤᠯᠬᠤ ᠬᠡᠷᠡᠭᠲᠡᠢ᠃ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠵᠤ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠳᠠᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠠᠵᠢᠯ ᠢᠶᠠᠨ ᠲᠥᠯᠥᠪᠵᠢᠭᠦᠯᠦᠨ ᠠᠬᠢᠭᠤᠯᠬᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠬᠤᠶᠠᠷ ᠶᠡᠭᠡ ᠶᠠᠪᠤᠳᠠᠯ᠂ ᠬᠤᠳᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠲᠦᠷᠪᠡ︾ ᠶᠢᠨ ᠠᠵᠢᠯ ᠤᠨ ᠡᠭᠦᠷᠭᠡ ᠪᠣᠯᠤᠨ ᠳ᠋ᠦᠩᠱᠧᠩ ᠲᠣᠭᠤᠷᠢᠭ ᠤᠨ ︽ᠭᠤᠷᠪᠠᠨ ᠲᠤᠭᠤᠷᠢᠭ ᠳᠦᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠠᠵᠢᠯ ᠤᠨ ᠦᠷ᠎ᠡ ᠪᠦᠲᠦᠮᠵᠢ ᠪᠣᠯᠤᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ