ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ 2024 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ ︾ ᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
    4 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ︽ᠵᠢᠷᠭᠤᠭ᠎ᠠ ᠶᠢ ᠪᠠᠷᠢᠮᠲᠠᠯᠠᠬᠤ︾ ᠶᠢ ᠪᠠᠲᠤ ᠡᠵᠡᠮᠳᠡᠵᠦ᠂ ᠠᠵᠤ ᠦᠢᠯᠡᠰ ᠤᠨ ᠬᠥᠭᠵᠢᠯᠲᠡ ᠶᠢ ᠡᠬᠦᠳᠬᠦ᠂ ᠠᠮᠢ ᠠᠬᠤᠶ ᠶᠢᠨ ᠶᠠᠰᠤ ᠴᠢᠨᠠᠷ ᠢ ᠠᠬᠢᠭᠤᠯᠬᠤ᠂ ᠨᠡᠭᠡᠭᠡᠯᠲᠡ ᠬᠢᠵᠦ ᠬᠠᠮᠳᠤᠷᠠᠯᠴᠠᠭ᠎ᠠ ᠶᠢ ᠬᠥᠭᠵᠢᠭᠡᠬᠦ᠂ ᠬᠤᠲᠠ ᠬᠥᠳᠡᠭᠡ ᠶᠢᠨ ᠠᠭᠤᠰᠤᠯᠴᠠᠯ ᠢ ᠪᠠᠳᠠᠷᠠᠭᠤᠯᠬᠤ᠂ ᠠᠮᠤᠷ ᠲᠦᠪᠰᠢᠨ ᠲᠣᠭᠲᠠᠭᠤᠨ ᠢ ᠪᠠᠲᠤᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠵᠡᠷᠭᠡ ᠠᠵᠢᠯ ᠤᠨ ᠲᠠᠯ᠎ᠠ ᠪᠠᠷ ᠲᠥᠯᠥᠪᠵᠢᠭᠦᠯᠭᠡ ᠪᠠᠨ ᠴᠢᠩᠭᠠᠳᠬᠠᠵᠤ᠂ ᠬᠤᠷᠳᠤᠴᠠ ᠪᠠᠨ ᠲᠦᠷᠭᠡᠳᠬᠡᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠡᠷᠡᠰ ᠭᠤᠶᠢᠪᠢᠰᠢ ᠦᠬᠡᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠳ᠋ᠦᠩᠱᠧᠩ ᠲᠣᠭᠤᠷᠢᠭ ᠤᠨ ︽ᠵᠢᠷᠭᠤᠭᠠᠨ ᠢᠨᠵᠧᠨᠧᠷᠢᠩ︾ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠠᠯᠢ ᠲᠦᠷᠭᠡᠨ ᠢᠶᠠᠷ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠬᠤ ᠬᠡᠷᠡᠭᠲᠡᠢ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠭᠤᠯᠤᠬᠰᠠᠨ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ᠤᠳᠤ ᠪᠠᠶᠢᠭ᠎ᠠ ᠡᠨᠧᠷᠭᠢ ᠵᠢᠴᠢ ᠭᠡᠷᠡᠯ ᠴᠡᠨᠡᠭ ᠤᠨ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠯᠤᠭ᠎ᠠ ᠵᠣᠯᠭᠠᠭᠤᠯᠬᠤ ᠶᠢ ᠴᠢᠩᠭᠠᠳᠬᠠᠨ᠂ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠨ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠲᠦᠷᠭᠡᠳᠬᠡᠨ ᠠᠬᠢᠭᠤᠯᠬᠤ ᠬᠡᠷᠡᠭᠲᠡᠶ᠃ ᠲᠦᠷᠢᠮ ᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠪᠣᠯᠤᠨ ᠦᠨᠡᠨᠴᠢ ᠢᠲᠡᠭᠡᠮᠵᠢ ᠶᠢᠨ ᠲᠦᠷᠢ ᠲᠥᠷᠬᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠠᠷᠠᠳ ᠤᠨ ᠦᠨᠡᠨᠴᠢ ᠢᠲᠡᠭᠡᠮᠵᠢ ᠲᠠᠢ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ︽ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ︾ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠢᠮ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ ᠰᠢᠯᠢᠳᠡᠭ ᠠᠵᠤ ᠠᠬᠤᠶᠢᠯᠠᠯ ᠢ ᠲᠠᠳᠠᠨ ᠳ᠋ᠦᠩᠱᠧᠩ ᠲᠣᠭᠤᠷᠢᠭ ᠲᠤ  ᠨᠤᠳᠤᠭᠰᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠢᠷᠠᠭᠤᠯᠵᠤ᠂ ᠲᠠᠩᠰᠠ ᠲᠤᠰᠢᠶᠠᠬᠤ ᠤᠬᠠᠮᠰᠠᠷ ᠢ ᠪᠠᠲᠤ ᠪᠤᠢ ᠪᠣᠯᠭᠠᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠵᠡᠢ᠃    ᠬᠤᠷᠠᠯ ᠠᠴᠠ ᠪᠠᠰᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠤᠯᠤᠰ ᠤᠨ ᠦᠮᠴᠢᠯᠠᠯᠳᠤ ᠠᠵᠤ ᠠᠬᠤᠶᠢᠯᠠᠯ ᠤᠨ ᠬᠠᠮᠢᠶᠠᠷᠤᠯᠲᠠ᠂ ᠬᠤᠳᠠ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠥᠷᠢ ᠥᠭᠴᠡᠭᠡ ᠶᠢ ᠠᠷᠢᠯᠭᠠᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ