ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠭᠤᠤᠯᠳᠠᠯᠭᠠᠳᠤ ᠲᠥᠷᠥᠯ ᠵᠦᠢᠯ ᠢ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/30
     4 ᠰᠠᠷ᠎ᠠ ᠶᠢᠨ 29 ᠤ ᠡᠳᠤᠷ᠂ ᠳ᠋ᠦᠡᠭᠱᠸᠡᠭ ᠲᠤᠭᠤᠷᠢᠭ ᠤᠨ ᠵᠠᠰᠠᠭ ᠤᠨ ᠤᠷᠳᠤᠨ ᠭᠤᠤᠯᠳᠠᠯᠭᠠᠳᠤ ᠲᠦᠷᠦᠯ ᠵᠦᠢᠯ ᠢ ᠲᠤᠭᠢᠷᠠᠭᠤᠯᠤᠨ ᠠᠭᠢᠭᠤᠯᠬᠤ ᠬᠤᠷᠠᠯ ᠢ ᠬᠤᠷᠠᠯᠳᠤᠭᠤᠯᠵᠤ᠂ ᠪᠦᠭᠦ ᠲᠤᠭᠤᠷᠢᠭ ᠤᠨ  ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠤᠯᠳᠠ ᠶᠢ ᠰᠤᠨᠤᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠤᠨ ᠲᠤᠭᠢᠷᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠶ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠠᠶᠢᠳᠠᠯ ᠢ ᠲᠣᠳᠣᠷᠬᠠᠢ ᠤᠶᠢᠯᠠᠭᠠᠨ᠂ ᠠᠰᠠᠭᠤᠳᠠᠯ ᠳᠤ ᠵᠥᠪ ᠢᠶᠠᠷ ᠬᠠᠨᠳᠤᠵᠤ᠂ ᠠᠵᠠ ᠲᠣᠬᠢᠶᠠᠯ ᠢ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠬᠦ ᠬᠡᠷᠡᠭᠲᠡᠢ᠃ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ᠂ ᠮᠥᠷᠳᠡᠨ ᠤᠶᠢᠯᠡᠴᠢᠯᠡᠭᠡ᠂ ᠪᠠᠲᠤᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠪᠦᠬᠦ ᠲᠠᠯ᠎ᠠ ᠶᠢᠨ ᠦᠢᠯᠡᠴᠢᠯᠡᠭᠡ ᠶᠢ ᠬᠦᠴᠦᠯᠡᠨ ᠬᠠᠩᠭᠠᠵᠤ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠳᠤᠯᠠᠭᠠᠯᠠᠭ᠎ᠠ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠮᠦᠷᠳᠡᠨ ᠪᠣᠳᠠᠲᠠᠢ ᠳᠤ ᠨᠠᠶᠢᠳᠠᠪᠤᠷᠢᠵᠢᠭᠤᠯᠵᠤ᠂ ᠭᠤᠤᠯᠳᠠᠯᠭᠠᠳᠤ ᠲᠦᠷᠦᠯ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠢ ᠬᠡᠷᠡᠭᠵᠢᠭᠦᠯᠬᠦ ᠲᠥᠯᠥᠪᠯᠡᠭᠡ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠢᠳᠡᠪᠬᠢᠲᠡᠢ ᠲᠡᠮᠡᠴᠡᠨ ᠣᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠲᠡ ᠪᠠᠶᠢᠭᠤᠯᠵᠤ ᠡᠷᠲᠡ ᠬᠡᠷᠡᠭᠯᠡᠵᠦ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠴᠠᠭ ᠲᠤᠬᠠᠢ ᠳᠤᠨᠢ ᠬᠥᠮᠥᠷᠭᠡ ᠳᠤ ᠣᠷᠣᠭᠤᠯᠵᠤ  ᠪᠦᠷᠢᠳᠬᠡᠬᠦ ᠶᠢ ᠪᠠᠷᠢᠮᠲᠠᠯᠠᠵᠤ᠂ ᠠᠵᠢᠯ ᠤᠨ ᠤᠷᠢᠳᠠᠴᠢ ᠴᠢᠨᠠᠷ ᠢ ᠪᠠᠷᠢᠮᠲᠠᠯᠠᠵᠤ᠂ ᠬᠥᠮᠥᠷᠭᠡ ᠳᠤ ᠣᠷᠣᠭᠤᠯᠵᠤ ᠪᠣᠯᠪᠠᠰᠤᠷᠠᠭᠤᠯᠬᠤ᠂ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠪᠠ ᠰᠠᠯᠠᠭ᠎ᠠ ᠮᠥᠴᠢᠷ ᠬᠠᠮᠵᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠦᠷᠦᠯ ᠵᠦᠢᠯ ᠤᠨ ᠠᠬᠢᠴᠠ ᠶᠢ ᠴᠢᠩᠭ᠎ᠠ ᠡᠵᠡᠮᠳᠡᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠴᠠᠭ ᠲᠤᠨᠢ ᠲᠤᠬᠢᠷᠠᠭᠤᠯᠤᠨ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠶᠢ ᠵᠢᠯᠣᠭᠤᠳᠴᠤ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠪᠦᠷᠢᠳᠬᠡᠪᠡᠰᠤ ᠵᠣᠬᠢᠬᠤ ᠶᠢ ᠨᠢ ᠪᠦᠬᠦᠨ ᠢ ᠪᠦᠷᠢᠳᠬᠡᠬᠦ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯᠴᠢᠨ ᠤ ᠠᠮᠤᠷ ᠲᠦᠪᠰᠢᠨ ᠤ ᠪᠣᠯᠪᠠᠰᠤᠷᠠᠯ ᠪᠣᠯᠤᠨ ᠬᠥᠮᠦᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠬᠡᠮ ᠰᠣᠭᠤᠭ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠬᠡᠵᠤ ᠴᠢᠬᠤᠯᠠᠴᠢᠯᠠᠪᠠ᠃    ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ