【ᠬᠠᠶᠢᠷ᠎ᠠ ᠬᠠᠯᠠᠮᠵᠢᠳᠤ ᠢᠨᠵᠧᠨᠧᠷᠢᠩ】ᠳ᠋ᠦᠩᠱᠧᠩ᠄ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠪᠥᠬᠦ ᠬᠦᠴᠦᠨ ᠢᠶᠠᠷ ᠠᠬᠢᠭᠤᠯᠵᠤ᠂ ᠣᠯᠠᠨ ᠲᠦᠮᠡᠨ ᠤ ᠠᠶᠢᠯ ᠬᠡᠷ ᠠᠬᠤᠢ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/4/30
     ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯᠯᠠᠭ᠎ᠠ ᠶᠢ ᠡᠷᠲᠡ ᠠᠴᠠ ᠡᠬᠢᠯᠡᠬᠦᠯᠵᠤ᠂ ︽ᠡᠪᠡᠳᠴᠢᠨ ᠤ ᠦᠨᠳᠦᠰᠦ ᠶᠢ ᠠᠷᠢᠯᠭᠠᠬᠤ︾ ᠠᠵᠢᠯ ᠢ ᠰᠠᠶᠢᠲᠤᠷ ᠬᠢᠨ᠎ᠡ     ︽ᠡᠷᠲᠡ︾ ᠬᠢᠵᠤ᠂ ︽ᠪᠤᠳᠠᠳᠠᠶᠢᠵᠢᠭᠤᠯᠬᠤ︾ ᠶᠢ ᠴᠢᠩᠭ᠎ᠠ ᠠᠳᠬᠤᠨ᠎ᠠ᠃ 2023 — 2024 ᠣᠨ ᠤ ᠳᠤᠯᠠᠭᠠᠯᠠᠭ᠎ᠠ ᠶᠢᠨ ᠬᠤᠭᠤᠴᠠᠭ᠎ᠠ ᠤᠳᠠᠯ ᠥᠬᠡᠶ ᠳᠠᠭᠤᠰᠴᠤ᠂ ᠳ᠋ᠦᠩᠱᠧᠩ ᠲᠣᠭᠤᠷᠢᠭ ᠣᠯᠠᠨ ᠲᠦᠮᠡᠨ ᠤ ᠲᠤᠰᠬᠠᠭᠰᠠᠨ ᠪᠠ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠥᠷᠥᠯ ᠤᠨ ᠳᠤᠯᠠᠭᠠᠯᠭ᠎ᠠ  ᠶᠢᠨ ᠠᠰᠠᠭᠤᠳᠠᠯ ᠳᠤ ᠴᠢᠭᠯᠡᠬᠦᠯᠦᠨ᠂ ᠳᠤᠯᠠᠭᠠᠯᠭ᠎ᠠ ᠶᠢᠨ ᠲᠦᠬᠦᠭᠡᠷᠦᠮᠵᠢ ᠶᠢᠨ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯᠯᠠᠭ᠎ᠠ ᠶᠢ ᠢᠳᠡᠪᠬᠢᠲᠡᠶ ᠦᠷᠨᠢᠬᠦᠯᠵᠤ ᠪᠠᠶᠢᠨ᠎ᠠ᠃     ᠣᠶᠢᠷ᠎ᠠ ᠶᠢᠨ ᠡᠳᠦᠷ ᠤᠳ ᠲᠤ᠂ ᠬᠤᠢ ᠾᠧ ᠢᠯᠴᠢ ᠬᠠᠩᠭᠠᠬᠤ ᠺᠣᠮᠫᠠᠨᠢ ᠶᠢᠨ ᠠᠵᠢᠯᠲᠠᠳ ᠢᠯᠴᠢ ᠰᠣᠯᠢᠬᠤ ᠥᠷᠲᠡᠭᠡ ᠶᠢᠨ ᠭᠬᠢᠷ ᠪᠤᠷᠲᠠᠭ ᠲᠠᠢ ᠢᠯᠴᠢ ᠰᠤᠯᠢᠬᠤ ᠢᠯᠳᠠᠰᠤ ᠶᠢ ᠬᠦᠴᠢᠯ ᠳᠤ ᠳᠡᠪᠳᠤᠬᠡᠬᠦ ᠤᠬᠢᠶᠠᠨ ᠴᠡᠪᠡᠷᠯᠡᠬᠦ ᠶᠢᠨ ᠬᠠᠮᠳᠤ ᠨᠡᠭᠡᠯᠡᠬᠡᠶ᠂ ᠬᠤᠭᠤᠯᠠᠶ ᠶᠢ ᠬᠠᠮᠠᠭᠠᠯᠠᠨ ᠠᠷᠠᠴᠢᠯᠠᠬᠤ ᠠᠵᠢᠯ ᠢ ᠴᠦ ᠠᠯᠬᠤᠮ ᠠᠯᠬᠤᠮ ᠢᠶᠠᠷ ᠦᠷᠨᠢᠬᠦᠯᠵᠤ ᠪᠤᠢ᠃ 3 ᠰᠠᠷ᠎ᠠ ᠠᠴᠠ ᠡᠬᠢᠯᠡᠨ᠂ ᠲᠣᠰ ᠺᠣᠮᠫᠠᠨᠢ ᠨᠢᠭᠡᠨᠲᠡ 2023 — 2024 ᠤᠨ ᠤ ᠳᠤᠯᠠᠭᠠᠯᠠᠭ᠎ᠠ ᠶᠢᠨ ᠬᠤᠭᠤᠴᠠᠭᠠᠨ ᠳᠤ ᠢᠯᠡᠷᠡᠭᠦᠯᠦᠭᠰᠡᠨ ᠲᠥᠬᠦᠭᠡᠷᠦᠮᠵᠢ ᠶᠢᠨ ᠠᠵᠢᠯᠯᠠᠭᠠᠨ ᠤ ᠠᠰᠠᠭᠤᠳᠠᠯ ᠢ ᠭᠠᠷᠳᠠᠨ ᠡᠮᠬᠢᠯᠡᠵᠦ᠂ 2024 ᠣᠨ ᠤ ᠰᠡᠯᠪᠢᠨ ᠵᠠᠰᠠᠵᠤ ᠠᠷᠠᠴᠢᠯᠠᠬᠤ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠲᠢᠭᠯᠡᠵᠤ᠂ ᠪᠣᠳᠠᠲᠠᠶ ᠪᠠᠶᠢᠳᠠᠯ ᠢᠶᠠᠨ ᠦᠨᠳᠦᠰᠦᠯᠡᠨ ᠰᠡᠯᠪᠢᠨ ᠵᠠᠰᠠᠬᠤ ᠲᠥᠯᠥᠪᠯᠡᠭᠡ ᠲᠣᠭᠲᠠᠭᠠᠪᠠ᠃ ᠲᠥᠯᠥᠪᠯᠡᠭᠡ ᠶᠣᠰᠣᠭᠠᠷ᠂ ᠬᠤᠢ ᠾᠧ ᠢᠯᠴᠢ ᠬᠠᠩᠭᠠᠬᠤ ᠺᠤᠮᠫᠠᠨᠢ ᠳᠤᠯᠠᠭᠠᠯᠭ᠎ᠠ ᠵᠤᠭᠰᠤᠬᠤ ᠰᠢᠯᠵᠢᠯᠲᠡ ᠶᠢᠨ ᠬᠤᠭᠤᠴᠠᠭ᠎ᠠ ᠶᠢ ᠠᠮᠵᠢᠨ 1200 ᠭᠠᠷᠤᠶ ᠨᠡᠭᠡᠯᠡᠬᠡᠶ ᠶᠢ ᠠᠷᠠᠴᠢᠯᠠᠨ ᠬᠠᠮᠠᠭᠠᠯᠠᠬᠤ᠂ 24 ᠬᠠᠪᠲᠠᠰᠤ ᠮᠠᠶ᠋ᠢᠭ ᠤᠨ ᠢᠯᠴᠢ ᠰᠣᠯᠢᠯᠴᠠᠭᠤᠷ ᠢ ᠴᠡᠪᠡᠷᠯᠡᠨ ᠤᠬᠢᠶᠠᠬᠤ ᠵᠡᠷᠭᠡ ᠰᠠᠭᠤᠷᠢ ᠴᠢᠨᠠᠷᠲᠠᠶ ᠰᠡᠯᠪᠢᠨ ᠵᠠᠰᠠᠬᠤ ᠠᠵᠢᠯ ᠢ ᠪᠡᠶᠡᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠲᠥᠬᠦᠭᠡᠷᠦᠮᠵᠢ ᠶᠢ ᠥᠭᠡᠷᠡᠴᠢᠯᠡᠬᠦ ᠠᠵᠢᠯ ᠳᠤ ᠭᠦᠢᠴᠡᠳ ᠴᠠᠭ ᠦᠯᠡᠳᠡᠭᠡᠵᠦ᠂ ᠳᠤᠯᠠᠭᠠᠯᠠᠭ᠎ᠠ ᠶᠢᠨ ᠬᠤᠭᠤᠴᠠᠭᠠᠨ ᠳᠤ ᠤᠷᠤᠭᠰᠠᠨ ᠤ ᠳᠠᠷᠠᠭᠠᠬᠢ ᠪᠤᠶ ᠪᠦᠬᠦᠢ ᠳᠤᠯᠠᠭᠠᠯᠠᠭ᠎ᠠ ᠶᠢᠨ ᠲᠥᠬᠦᠭᠡᠷᠦᠮᠵᠢ ᠶᠢ ᠥᠨᠳᠥᠷ ᠪᠦᠲᠦᠮᠵᠢᠲᠡᠶ ᠠᠵᠢᠯᠯᠠᠭᠠᠨ ᠤ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠵᠤ᠂ ᠡᠷᠦᠬᠡ ᠶᠢᠨ ᠬᠡᠷᠡᠭᠰᠡᠬᠦ ︽ᠳᠤᠯᠠᠭᠠᠴᠠ︾ ᠶᠢ ᠪᠠᠲᠤᠯᠠᠨ᠎ᠠ᠃
001.jpg
002.jpg
     ᠮᠧᠩ ᠲᠠᠢ ᠢᠯᠴᠢ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠤᠨ ᠤ ᠤᠯᠠᠷᠢᠯ  ᠳᠤ ᠳᠤᠯᠠᠭᠠᠯᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠴᠠᠭᠠᠨ ᠵᠠᠰᠠᠬᠤ ᠪᠠ ᠬᠠᠮᠠᠭᠠᠯᠠᠬᠤ ᠪᠠᠷ ᠲᠥᠯᠥᠪᠯᠡᠵᠦ ᠪᠤᠢ᠃ ᠠᠩᠬᠠᠨ ᠠᠴᠠ ᠪᠠᠨ ᠲᠣᠰ ᠺᠣᠮᠫᠠᠨᠢ ᠶᠢᠨ ᠠᠵᠢᠯᠲᠠᠳ ᠣᠶᠤᠨᠴᠢ ᠲᠠᠪᠴᠠᠩ ᠢ ᠠᠰᠢᠭᠯᠠᠨ ᠢᠯᠴᠢ ᠬᠠᠩᠭᠠᠬᠤ ᠬᠤᠭᠤᠯᠠᠶ ᠲᠣᠤᠷ ᠵᠢᠴᠢ ᠢᠯᠴᠢ ᠰᠤᠯᠢᠬᠤ ᠥᠷᠲᠡᠭᠡ ᠶᠢ ᠨᠠᠷᠢᠯᠢᠭᠵᠢᠭᠤᠯᠤᠨ ᠠᠵᠢᠯᠯᠠᠭᠤᠯᠬᠤ ᠪᠠ ᠲᠣᠬᠢᠷᠠᠭᠤᠯᠤᠨ ᠡᠵᠡᠮᠳᠡᠬᠦ ᠶᠢᠨ ᠬᠠᠮᠳᠤ ᠲᠣᠭᠠᠴᠢᠯᠠᠭᠰᠠᠨ ᠮᠡᠷᠭᠡᠵᠢᠯ ᠳᠤ ᠲᠦᠰᠢᠭᠯᠡᠨ ᠲᠤᠭ᠎ᠠ ᠪᠠᠷᠢᠮᠲᠠ ᠶᠢᠨ ᠬᠠᠷᠢᠭᠤ ᠲᠤᠰᠬᠠᠯ ᠢ ᠴᠠᠭ ᠲᠤᠬᠠᠶ ᠳᠤᠨᠢ ᠴᠤᠭᠯᠠᠭᠤᠯᠵᠤ᠂ ᠳᠤᠯᠠᠭᠠᠯᠭ᠎ᠠ ᠶᠢᠨ ᠠᠵᠢᠯᠯᠠᠭᠠᠨ ᠤ ᠳᠤᠮᠳᠠᠬᠢ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠤᠷᠢᠯᠡᠭᠰᠡᠭᠡᠷ ᠢᠷᠡᠵᠡᠢ᠃ ᠡᠭᠦᠨ ᠤ ᠬᠠᠮᠲᠤ᠂ ᠤᠶᠢᠷ᠎ᠠ ᠶᠢᠨ ᠬᠤᠭᠤᠴᠠᠭᠠᠨ ᠳᠤ ᠢᠯᠴᠢ ᠬᠠᠩᠭᠠᠬᠤ ᠰᠦᠯᠵᠢᠶᠡᠨ ᠤ ᠠᠵᠢᠯᠲᠠᠨ ᠵᠡᠭᠡᠯᠢ ᠭᠤᠳᠤᠮᠵᠢ ᠶᠢᠨ ᠡᠯ᠎ᠡ ᠭᠠᠵᠠᠷ ᠲᠤ ᠬᠦᠨᠵᠡᠭᠡᠶᠢᠷᠡᠵᠤ᠂ ᠢᠯᠴᠢ ᠬᠠᠩᠭᠠᠬᠤ ᠬᠤᠭᠤᠯᠠᠶ ᠲᠣᠤᠷ ᠢ ᠲᠣᠭᠤᠷᠢᠨ ᠪᠠᠶᠢᠴᠠᠭᠠᠵᠤ᠂ ᠢᠯᠴᠢ ᠬᠠᠩᠭᠠᠬᠤ ᠬᠡᠮ ᠰᠣᠭᠤᠭ ᠢ ᠰᠢᠢᠳᠪᠤᠷᠢᠯᠡᠨ᠂ ᠰᠠᠭᠤᠭᠠᠯᠢ ᠠᠷᠠᠳ ᠤᠨ ᠰᠠᠨᠠᠯ ᠢ ᠬᠤᠷᠢᠶᠠᠵᠤ᠂ ᠳᠤᠯᠠᠭᠠᠯᠠᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯᠯᠠᠭ᠎ᠠ ᠳᠤ ᠬᠦᠴᠦᠲᠡᠶ ᠲᠤᠯᠭᠠᠭᠤᠷᠢᠯᠠᠯ ᠬᠠᠩᠭᠠᠵᠤ ᠪᠠᠶᠢᠨ᠎ᠠ᠃
003.jpg
004.jpg
     ᠳ᠋ᠦᠩᠱᠧᠩ ᠲᠣᠭᠤᠷᠢᠭ ᠲᠤ ᠨᠡᠶᠢᠳᠡ 8 ᠢᠯᠴᠢ ᠬᠠᠩᠭᠠᠬᠤ ᠠᠵᠤ ᠠᠬᠤᠶᠢᠯᠠᠯ 686 ᠢᠯᠴᠢ ᠰᠤᠯᠢᠬᠤ ᠥᠷᠲᠡᠭᠡ ᠲᠠᠢ ᠪᠠᠶᠢᠵᠤ᠂ ᠢᠯᠴᠢ ᠬᠠᠩᠭᠠᠬᠤ ᠲᠠᠯᠠᠪᠠᠶ ᠨᠢ ᠪᠠᠷᠤᠭ 4719 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠨ᠎ᠡ᠃ ᠢᠯᠴᠢ ᠬᠠᠩᠭᠠᠬᠤ ᠠᠶᠤᠯᠭᠦᠢ ᠦᠢᠯᠡᠳᠪᠦᠷᠢᠯᠡᠯ ᠢ ᠴᠢᠩᠭᠠᠳᠬᠠᠵᠤ᠂ ᠢᠯᠴᠢ ᠬᠠᠩᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢᠨ ᠲᠦᠯᠦᠬᠡ᠂ ᠳᠤᠯᠠᠭᠠᠯᠠᠭ᠎ᠠ ᠶᠢᠨ ᠰᠡᠭᠦᠯᠴᠢ ᠶᠢᠨ ᠬᠤᠭᠤᠴᠠᠭ᠎ᠠ ᠠᠴᠠ ᠡᠬᠢᠯᠡᠨ᠂ ᠳ᠋ᠦᠩᠱᠧᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠢᠯᠴᠢ ᠬᠠᠩᠭᠠᠬᠤ ᠺᠣᠮᠫᠠᠨᠢ᠂ ᠠᠳᠠᠯ ᠠᠬᠤᠢ ᠶᠢᠨ ᠺᠣᠮᠫᠠᠨᠢ ᠬᠠᠮᠲᠤᠷᠠᠨ ᠢᠯᠴᠢ ᠬᠠᠩᠭᠠᠬᠤ ᠬᠤᠭᠤᠯᠠᠶ ᠱᠤᠭᠤᠮ ᠵᠡᠷᠭᠡ ᠲᠥᠬᠦᠭᠡᠷᠦᠮᠵᠢ ᠳᠤ ︽ᠪᠦᠬᠦ ᠲᠠᠯ᠎ᠠ ᠶᠢᠨ ᠪᠠᠶᠢᠴᠠᠭᠠᠯᠲᠠ︾ ᠬᠢᠬᠦ ᠶᠢᠨ ᠬᠠᠮᠳᠤ ᠳᠡᠭᠡᠷ᠎ᠡ ᠤᠯᠠᠷᠢᠯ ᠳᠤ ᠢᠯᠡᠷᠡᠭᠦᠯᠦᠭᠰᠡᠨ ᠪᠠ ᠣᠯᠠᠨ ᠲᠦᠮᠡᠨ ᠤ ᠬᠠᠷᠢᠭᠤ ᠲᠤᠰᠬᠠᠭᠰᠠᠨ ᠠᠰᠠᠭᠤᠳᠠᠯ ᠳᠤ ︽ᠬᠠᠨᠳᠤᠯᠭᠠᠲᠤ ᠡᠮᠴᠢᠯᠡᠭᠡ︾ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ ᠪᠠᠶᠢᠨ᠎ᠠ᠃     ᠳᠤᠯᠠᠭᠠᠯᠭ᠎ᠠ ᠶᠢᠨ ᠥᠭᠡᠷᠡᠴᠢᠯᠡᠯᠲᠡ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠲᠥᠷᠥᠯ ᠵᠦᠢᠯ ᠢ ᠡᠷᠴᠢᠮ ᠲᠠᠢ ᠠᠬᠢᠭᠤᠯᠵᠤ ᠪᠠᠶᠢᠨ᠎ᠠ     2024 ᠣᠨ ᠳᠤ ᠳ᠋ᠦᠩᠱᠧᠩ ᠲᠣᠭᠤᠷᠢᠭ ᠬᠤᠲᠠ ᠶᠢᠨ ᠢᠯᠴᠢ ᠬᠠᠩᠭᠠᠬᠤ ᠭᠤᠣᠯᠳᠠᠯᠭ᠎ᠠ ᠲᠠᠢ ᠲᠥᠷᠥᠯ ᠵᠦᠢᠯ ᠢ 40 ᠬᠡᠷᠡᠭᠵᠢᠭᠦᠯᠬᠦ ᠪᠠᠷ ᠲᠥᠯᠥᠪᠯᠡᠵᠦ᠂ ᠳ᠋ᠦᠩᠱᠧᠩ ᠲᠣᠭᠤᠷᠢᠭ ᠤᠨ ᠬᠤᠢ ᠾᠧ ᠢᠯᠴᠢ ᠬᠠᠩᠭᠠᠬᠤ ᠺᠣᠮᠫᠠᠨᠢ ᠠᠴᠠ ᠬᠡᠷᠡᠭᠵᠢᠭᠦᠯᠦᠭᠰᠡᠨ DN1200 ᠬᠤᠭᠤᠯᠠᠢ ᠲᠣᠣᠷ ᠤᠨ ᠰᠢᠨ᠎ᠡ ᠪᠠᠷ ᠤᠭᠰᠠᠷᠠᠬᠤ ᠲᠥᠷᠥᠯ ᠵᠦᠢᠯ ᠪᠣᠯ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠳᠤᠯᠠᠭᠠᠯᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡ ᠪᠣᠯᠣᠨ᠎ᠠ᠃ ᠲᠣᠰ ᠲᠥᠷᠥᠯ ᠵᠦᠢᠯ ᠨᠢ ᠭᠤᠤᠯᠳᠠᠭᠤ ᠲᠢᠶᠠᠨ ᠵᠢᠶᠤᠤ ᠵᠠᠮ᠂ ᠣᠲᠤᠭ ᠵᠡᠭᠡᠯᠢ ᠠᠴᠠ ᠦᠦᠰᠢᠨ ᠪᠠᠷᠠᠭᠤᠨ ᠵᠡᠭᠡᠯᠢ ᠬᠦᠷᠳᠡᠯ᠎ᠡ 4200 ᠮᠧᠲᠷ DN1200 ᠬᠤᠭᠤᠯᠠᠶ ᠲᠣᠤᠷ ᠳᠡᠪᠢᠰᠴᠤ᠂ 200 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠤᠨ ᠢᠯᠴᠢ ᠬᠠᠩᠭᠠᠬᠤ ᠳᠠᠯᠠᠪᠠᠢ ᠶᠢ ᠬᠠᠮᠤᠷᠴᠤ᠂ 10000 ᠭᠠᠷᠤᠶ ᠡᠷᠦᠬᠡ ᠳᠤ ᠠᠰᠢᠭ ᠬᠦᠷᠳᠡᠭᠡᠨ᠎ᠡ᠃ ᠳᠤᠰ ᠲᠥᠷᠥᠯ ᠵᠦᠢᠯ ᠢ 5 ᠰᠠᠷ᠎ᠠ ᠶᠢᠨ ᠡᠬᠢ ᠪᠠᠷ ᠡᠬᠢᠯᠡᠭᠦᠯᠦᠨ᠂ 8 ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠲᠥᠯᠥᠪᠯᠡᠵᠦ ᠪᠣᠶ᠂ ᠰᠢᠨ᠎ᠡ ᠪᠠᠷ ᠤᠭᠰᠠᠷᠠᠬᠤ ᠢᠯᠴᠢ ᠬᠠᠩᠭᠠᠬᠤ ᠬᠤᠭᠤᠯᠠᠶ ᠲᠣᠤᠷ ᠲᠤ ᠮᠧᠩ ᠲᠠᠢ ᠢᠯᠴᠢ ᠬᠠᠩᠭᠠᠬᠤ ᠺᠣᠮᠫᠠᠨᠢ ᠶᠢᠨ ᠢᠯᠴᠢ ᠶᠢᠨ ᠢᠷᠡᠯᠲᠡ ᠶᠢ ᠰᠣᠯᠢᠵᠤ ᠬᠡᠷᠡᠭᠯᠡᠨ᠂ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠭᠤᠣᠯ ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠬᠤᠲᠠ ᠶᠢᠨ ᠢᠯᠴᠢ ᠬᠠᠩᠭᠠᠬᠤ ᠲᠤᠤᠷ ᠢ ᠪᠠᠶᠢᠭᠤᠯᠤᠨ᠂ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠠᠰᠠᠭᠤᠳᠠᠯ ᠢ ᠲᠦᠢᠯᠪᠤᠷᠢᠲᠠᠶ ᠰᠢᠢᠳᠪᠤᠷᠢᠯᠡᠬᠦ ᠪᠤᠯᠤᠨ᠎ᠠ᠃
005.jpg
006.jpg
     ᠠᠳᠠᠯᠢ ᠪᠠᠷ᠂ ᠡᠨᠡ ᠵᠢᠯ ᠳ᠋ᠦᠩᠱᠧᠩ ᠲᠤᠭᠤᠷᠢᠭ᠂ ᠳ᠋ᠠ ᠰᠢᠩ ᠬᠤᠸᠠ ᠶᠤᠸᠠᠨ᠂ ᠵᠢᠩ ᠲᠠᠢ ᠶᠤᠸᠠᠨ ᠰᠠᠭᠤᠭᠠᠯᠢ ᠲᠣᠭᠤᠷᠢᠭ᠂ ᠳ᠋ᠦᠩ ᠹᠠᠩ ᠢ ᠵᠢᠩ ᠶᠤᠸᠠᠨ᠂ ᠳ᠋ᠦᠩ ᠹᠠᠩ ᠶᠠᠩ ᠭᠤᠸᠠᠩ ᠵᠡᠷᠭᠡ 162 ᠰᠠᠭᠤᠭᠠᠯᠢ ᠲᠣᠭᠤᠷᠢᠭ ᠤᠨ ᠢᠯᠴᠢ ᠳᠠᠮᠵᠢᠭᠤᠯᠬᠤ ᠬᠤᠶᠠᠳᠠᠬᠢ ᠤᠳᠠᠭᠠᠨ ᠤ ᠢᠯᠴᠢ ᠬᠠᠩᠭᠠᠬᠤ ᠬᠤᠭᠤᠯᠠᠶ ᠲᠣᠤᠷ ᠲᠤ ᠥᠭᠡᠷᠡᠴᠢᠯᠡᠯᠲᠡ ᠬᠢᠬᠦ ᠪᠤᠯᠤᠨ᠎ᠠ᠃ ᠡᠳᠡᠭᠡᠷ ᠰᠠᠭᠤᠭᠠᠯᠢ ᠲᠤᠭᠤᠷᠢᠭ ᠤᠨ ᠬᠤᠭᠤᠯᠠᠢ ᠲᠤᠤᠷ ᠤᠳᠠᠭᠠᠨ ᠤᠨ ᠬᠡᠷᠡᠭᠯᠡᠭᠰᠡᠨ ᠠᠴᠠ ᠬᠠᠭᠤᠴᠢᠷᠠᠭᠰᠠᠨ᠂ ᠪᠦᠭᠯᠡᠷᠡᠭᠰᠡᠨ᠂ ᠭᠤᠤᠭᠵᠢᠵᠤ ᠪᠠᠶᠢᠬᠤ ᠠᠰᠠᠭᠤᠳᠠᠯ ᠤᠷᠤᠰᠢᠵᠤ ᠪᠠᠶᠢᠨ᠎ᠠ᠃ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠮᠦᠨᠡᠬᠢ ᠬᠤᠭᠤᠴᠠᠭᠠᠨ ᠳᠤ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ ᠪᠠᠷ ᠳᠠᠮᠵᠢᠭᠤᠯᠤᠨ᠂ ᠰᠠᠭᠤᠭᠠᠯᠢ ᠲᠣᠭᠤᠷᠢᠭ ᠤᠨ ᠪᠣᠳᠠᠲᠠᠶ ᠳᠤ ᠰᠠᠭᠤᠷᠢᠯᠠᠨ᠂ ︽ᠨᠢᠭᠡ ᠰᠠᠭᠤᠭᠠᠯᠢ ᠲᠣᠭᠤᠷᠢᠭ ᠨᠢᠭᠡ ᠲᠥᠰᠦᠯ︾ ᠤᠨ ᠵᠠᠷᠴᠢᠮ ᠶᠣᠰᠣᠭᠠᠷ᠂ ᠥᠭᠡᠷᠡᠴᠢᠯᠡᠬᠦ ᠲᠥᠰᠦᠯ ᠲᠣᠭᠲᠠᠭᠠᠵᠤ᠂ ᠪᠣᠶ ᠪᠥᠬᠦᠶ ᠰᠠᠭᠤᠭᠠᠯᠢ ᠲᠣᠭᠤᠷᠢᠭ ᠲᠤ 5 ᠰᠠᠷ᠎ᠠ ᠶᠢᠨ ᠡᠬᠢ ᠪᠠᠷ ᠠᠵᠢᠯ ᠢᠶᠠᠨ ᠡᠬᠢᠯᠡᠭᠦᠯᠵᠦ᠂ 9 ᠰᠠᠷ᠎ᠠ ᠶᠢᠨ ᠡᠬᠢ ᠪᠠᠷ ᠠᠵᠢᠯ ᠢᠶᠠᠨ ᠳᠠᠭᠤᠰᠬᠠᠬᠤ ᠪᠠᠷ ᠵᠢᠱᠢᠵᠦ ᠪᠣᠶ᠃
007.jpg
     ᠳᠤᠯᠠᠭᠠᠯᠭ᠎ᠠ ᠶᠢᠨ ᠲᠦᠷᠦᠯ ᠵᠦᠢᠯ ᠤᠳ ᠢ ᠡᠮᠬᠢ ᠵᠢᠷᠤᠮ ᠲᠠᠢ ᠠᠬᠢᠭᠤᠯᠵᠤ ᠪᠠᠶᠢᠭ᠎ᠠ ᠨᠢ ᠳ᠋ᠦᠩᠱᠧᠩ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠲᠦᠷᠭᠡᠳᠬᠡᠨ ᠠᠬᠢᠭᠤᠯᠵᠤ ᠪᠠᠶᠢᠭ᠎ᠠ ᠬᠦᠴᠦᠲᠡᠶ ᠠᠵᠢᠯᠯᠠᠭ᠎ᠠ ᠪᠣᠯᠤᠨ᠎ᠠ᠃ ᠡᠨᠡ ᠵᠢᠯ᠂ ᠳ᠋ᠦᠩᠱᠧᠩ ᠲᠣᠭᠤᠷᠢᠭ 40 ᠳᠤᠯᠠᠭᠠᠯᠭ᠎ᠠ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠦᠬᠡᠷᠡᠴᠢᠯᠡᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ᠣᠳᠣᠬᠠᠨ ᠪᠣᠯᠲᠠᠯ᠎ᠠ᠂ ᠳ᠋ᠦᠩᠱᠧᠩ ᠲᠣᠭᠤᠷᠢᠭ ᠤᠨ ᠬᠤᠢ ᠾᠧ ᠢᠯᠴᠢ ᠬᠠᠩᠭᠠᠬᠤ ᠺᠤᠮᠫᠠᠨᠢ ᠶᠢᠨ ᠰᠢᠨ ᠶᠠ ᠷᠦ ᠢᠯᠴᠢ ᠰᠤᠯᠢᠬᠤ ᠥᠷᠲᠡᠭᠡ ᠶᠢᠨ ᠥᠭᠡᠷᠡᠴᠢᠯᠡᠯᠲᠡ ᠶᠢᠨ ᠲᠥᠷᠥᠯ ᠵᠦᠢᠯ᠂ ᠮᠧᠩ ᠲᠠᠢ  ᠶᠢᠨ ᠤᠶᠤᠨᠴᠢ ᠢᠯᠴᠢ ᠬᠠᠩᠭᠠᠬᠤ ᠢᠯᠴᠢ ᠰᠤᠯᠢᠬᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠲᠦᠷᠦᠯ ᠵᠤᠶᠢᠯ᠂ ᠳ᠋ᠦᠩ ᠮᠧᠩ ᠠᠳᠠᠯ ᠠᠬᠤᠢ ᠶᠢᠨ ᠬᠢᠵᠠᠭᠠᠷᠲᠤ ᠺᠣᠮᠫᠠᠨᠢ ᠶᠢᠨ ᠢᠯᠴᠢ ᠰᠤᠯᠢᠬᠤ ᠥᠷᠲᠡᠭᠡ ᠶᠢᠨ ᠤᠶᠤᠨᠴᠢ ᠢᠯᠴᠢ ᠬᠠᠩᠭᠠᠬᠤ ᠥᠭᠡᠷᠡᠴᠢᠯᠡᠯᠲᠡ ᠶᠢᠨ ᠲᠦᠷᠦᠯ ᠵᠤᠶᠢᠯ ᠵᠡᠷᠭᠡ 22 ᠲᠥᠷᠥᠯ ᠵᠦᠢᠯ ᠨᠢᠭᠡᠨᠲᠡ ᠠᠵᠢᠯ ᠡᠬᠢᠯᠡᠭᠦᠯᠬᠦ ᠪᠠ ᠰᠡᠷᠭᠦᠭᠡᠬᠦ ᠨᠥᠬᠦᠴᠡᠯ ᠢ ᠪᠦᠷᠢᠯᠳᠦᠬᠦᠯᠵᠤ᠂ ᠳᠤᠯᠠᠭᠠᠯᠭ᠎ᠠ ᠶᠢᠨ ᠬᠤᠭᠤᠴᠠᠭ᠎ᠠ ᠵᠤᠭᠰᠤᠭᠰᠠᠨ ᠤ ᠳᠠᠷᠠᠭ᠎ᠠ ᠠᠵᠢᠯ ᠢᠶᠠᠨ ᠡᠬᠢᠯᠡᠬᠦᠯᠬᠦ  ᠪᠠᠷ ᠪᠠᠶᠢᠨ᠎ᠠ᠃ ᠪᠤᠰᠤᠳ ᠲᠥᠷᠥᠯ ᠵᠤᠶᠢᠯ ᠤᠨ ᠭᠠᠷ ᠬᠦᠢᠴᠡᠳᠬᠡᠯ ᠢ ᠶᠠᠭ ᠲᠦᠷᠭᠡᠳᠬᠡᠨ ᠬᠦᠢᠴᠡᠳᠬᠡᠵᠤ ᠪᠠᠶᠢᠨ᠎ᠠ᠂ 4 ᠰᠠᠷ᠎ᠠ ᠶᠢᠨ ᠡᠬᠢ ᠪᠠᠷ ᠵᠠᠯᠭᠠᠭ᠎ᠠ ᠪᠠᠷ ᠠᠵᠢᠯ ᠡᠬᠢᠯᠡᠬᠦᠯᠬᠦ ᠪᠠᠷ ᠲᠥᠯᠥᠪᠯᠡᠵᠦ᠂ 9 ᠰᠠᠷ᠎ᠠ ᠶᠢᠨ ᠳᠤᠮᠳᠠᠴᠢ ᠪᠠᠷ ᠪᠦᠬᠦᠨ ᠢ ᠳᠠᠭᠤᠰᠬᠠᠬᠤ ᠪᠠᠷ ᠴᠢᠷᠮᠠᠶᠢᠵᠤ᠂ ᠪᠣᠶ ᠪᠥᠬᠦᠶ ᠲᠥᠷᠥᠯ ᠵᠤᠶᠢᠯ ᠢ ᠪᠡᠶᠡᠯᠡᠬᠦᠯᠦᠭᠰᠡᠨ ᠤ ᠳᠠᠷᠠᠭ᠎ᠠ ᠬᠤᠲᠠ ᠶᠢᠨ ᠳᠤᠯᠠᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠬᠦᠯᠬᠦ ᠪᠤᠯᠤᠨ᠎ᠠ᠃
008.jpg
     ᠳ᠋ᠦᠩᠱᠧᠩ ᠲᠣᠭᠤᠷᠢᠭ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠳᠡᠬᠦᠯᠳᠡᠷᠵᠢᠬᠦᠯᠦᠨ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠰᠡᠳᠬᠢᠯ ᠳᠡᠯᠪᠢᠨ ᠬᠦᠴᠦ ᠣᠷᠣᠭᠤᠯᠵᠤ᠂ ᠣᠯᠠᠨ ᠲᠦᠮᠡᠨ ᠤ ᠪᠠᠷᠢᠮᠳᠠᠵᠤ ᠳᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠢᠶᠠᠷ ᠣᠯᠠᠨ ᠲᠦᠮᠡᠨ ᠢ ᠳᠤᠯᠠᠭᠠᠴᠠᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠦᠷᠭᠦᠯᠵᠢᠯᠡᠨ ᠨᠡᠮᠡᠭᠳᠡᠬᠦᠯᠵᠤ ᠪᠤᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ