ᠬᠠᠨ ᠲᠤᠸ ᠪᠦᠯᠬᠦᠮ ᠳᠠᠭᠠᠭᠤᠯᠤᠨ ᠠᠨᠾᠦ᠋ᠢ᠂ ᠱᠠᠩᠬᠠᠢ ᠳᠤ ᠬᠦᠷᠴᠦ ᠰᠠᠭᠤᠳᠠᠯ ᠤᠨ ᠮᠠᠰᠢᠨ ᠤ ᠠᠵᠤ ᠦᠢᠯᠡᠰ ᠤᠨ ᠬᠡᠯᠬᠢᠶ᠎ᠡ ᠶᠢᠨ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠢ ᠰᠢᠨᠵᠢᠯᠡᠨ ᠦᠵᠡᠵᠤ ᠰᠤᠷᠤᠯᠴᠠᠪᠠ
ᠨᠡᠶᠢᠲᠡᠯᠡᠭᠰᠡᠨ ᠴᠠᠭ᠄
2024/4/4
      4 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠠᠨᠾᠦ᠋ᠢ ᠮᠤᠵᠢ ᠶᠢᠨ ᠦ᠋ ᠬᠤ᠋ ᠬᠤᠳᠠ᠂ ᠱᠠᠩᠬᠠᠢ ᠬᠤᠳᠠ ᠳᠤ ᠬᠦᠷᠴᠦ ᠰᠠᠭᠤᠳᠠᠯ ᠤᠨ ᠮᠠᠰᠢᠨ ᠤ ᠠᠵᠤ ᠦᠢᠯᠡᠰ ᠤᠨ ᠬᠡᠯᠬᠢᠶ᠎ᠡ ᠳᠤ ᠨᠠᠷᠢᠯᠢᠭ ᠤᠨᠤᠴᠠᠳᠠᠢ ᠬᠤᠳᠠᠯᠳᠤᠭᠠᠴᠢᠨ ᠤᠷᠢᠨ᠂ ᠲᠦᠷᠦᠯ ᠵᠦᠢᠯ ᠤᠨ ᠬᠠᠮᠳᠤᠷᠠᠯᠴᠠᠭᠠᠨ ᠤ ᠵᠤᠯᠭᠠᠯᠴᠠᠭ᠎ᠠ ᠶᠠᠷᠢᠯᠴᠠᠭ᠎ᠠ ᠥᠷᠨᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠰᠢᠨᠵᠢᠯᠡᠨ ᠦᠵᠡᠵᠤ ᠰᠤᠷᠤᠯᠴᠠᠪᠠ᠃ ᠪᠠᠰᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠾᠦᠢ ᠯᠢᠶᠠᠩ ᠢ ᠳᠠᠭᠠᠵᠤ ᠴᠢ ᠷᠦᠢ ᠰᠲ᠋ᠣᠺ ᠡᠵᠡᠮᠳᠡᠭᠰᠡᠨ ᠪᠦᠯᠦᠭᠯᠡᠯ ᠢ ᠰᠤᠷᠪᠤᠯᠵᠢᠯᠠᠪᠠ᠃       ᠦ᠋ ᠬᠤ᠋ ᠬᠤᠲᠠ ᠳᠤ᠂ ᠬᠠᠨ ᠲᠤᠤ ᠤᠷᠢᠳ ᠬᠤᠵᠢᠳ ᠦ᠋ ᠬᠤ᠋ ᠶᠢᠨ ᠵᠢᠶᠧ ᠹᠧᠩ ᠮᠠᠰᠢᠨ ᠲᠡᠷᠭᠡᠨ ᠤ ᠬᠦᠳᠡᠯᠬᠡᠭᠴᠢ ᠬᠦᠴᠦᠨ ᠤ ᠰᠢᠰᠲ᠋ᠧᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠠᠩ ᠫᠧᠩ ᠮᠠᠰᠢᠨ ᠲᠡᠷᠭᠡᠨ ᠤ ᠰᠡᠯᠪᠢᠭ ᠲᠤᠨᠤᠭ ᠤᠨ ᠬᠢᠵᠠᠭᠠᠷᠲᠤ ᠺᠣᠮᠫᠠᠨᠢ᠂ ᠶᠢᠨ ᠠᠨ ᠱᠢ ᠲᠧᠩ ᠮᠠᠰᠢᠨ ᠲᠡᠷᠭᠡᠨ ᠤ ᠠᠮᠤᠷ ᠲᠦᠪᠰᠢᠨ ᠤ ᠰᠢᠰᠲ᠋ᠧᠮ ᠤᠨ ᠬᠢᠵᠠᠭᠠᠷᠲᠤ ᠺᠣᠮᠫᠠᠨᠢ ᠵᠡᠷᠭᠡ ᠰᠠᠭᠤᠳᠠᠯ ᠤᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠳᠤ ᠬᠦᠷᠴᠤ᠂ ᠠᠵᠤ ᠠᠬᠤᠶᠢᠯᠠᠯ ᠤᠨ ᠦᠢᠯᠡᠳᠬᠦᠨ ᠤ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ᠂ ᠠᠵᠤ ᠦᠢᠯᠡᠰ ᠤᠨ ᠪᠠᠶᠢᠷᠢᠰᠢᠭᠤᠯᠤᠯᠲᠠ ᠪᠠ ᠥᠪᠡᠷ ᠤᠨ ᠥᠷᠲᠡᠭ ᠤᠨ ᠡᠵᠡᠮᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠯ᠎ᠠ ᠪᠠᠷ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠳᠠᠳ ᠲᠠᠢ ᠶᠠᠷᠢᠯᠴᠠᠪᠠ᠃ ᠲᠡᠷᠡ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ  ᠬᠢᠨ ︽ᠲᠡᠷᠢᠭᠦᠨ ᠤ ᠦᠢᠯᠡᠳᠬᠦ ᠦᠢᠯᠡᠰ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠬᠤ︾ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠬᠦ ᠦᠢᠯᠡᠰ ᠤᠨ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠵᠤ᠂ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠳᠤ ᠨᠢᠭᠡᠨᠲᠡ ᠴᠢ ᠷᠦᠢ ᠮᠠᠰᠢᠨ ᠲᠡᠷᠭᠡ᠂ ᠳ᠋ᠦᠩ ᠹᠧᠩ ᠯᠢᠦ ᠴᠢ᠂ ᠰᠢᠶᠠᠮᠧᠨ ᠤ ᠶᠢᠨ ᠯᠦᠩ ᠵᠡᠷᠭᠡ ᠪᠠᠷ ᠳᠤᠯᠤᠭᠠᠶᠢᠯᠠᠭᠴᠢ ᠪᠣᠯᠭᠠᠭᠰᠠᠨ᠂ ᠪᠦᠬᠦᠯᠢ ᠲᠡᠷᠭᠡ᠂ ᠢᠵᠢ ᠪᠦᠷᠢᠳᠦᠭᠰᠡᠨ ᠰᠡᠯᠪᠢᠭ ᠲᠤᠨᠤᠭ ᠤᠨ ᠦᠢᠯᠡᠳᠪᠦᠷᠢᠯᠡᠯ ᠢ ᠨᠢᠭᠡ ᠴᠣᠭᠴᠠᠵᠢᠭᠤᠯᠤᠭᠰᠠᠨ ᠮᠠᠰᠢᠨ ᠲᠡᠷᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠷᠢᠯᠳᠦᠭᠦᠯᠪᠡ᠃ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠪᠡᠯᠡ ᠣᠷᠣᠭᠤᠯᠬᠤ ᠢᠲᠡᠭᠡᠯ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠲᠦᠷᠦᠯ ᠵᠦᠢᠯ ᠤᠨ ᠬᠠᠮᠲᠤᠷᠠᠯᠴᠠᠭ᠎ᠠ ᠵᠤᠯᠭᠠᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭᠠᠨ ᠤ ᠵᠦᠢᠯᠡᠰ ᠢ ᠲᠦᠷᠭᠡᠨ ᠵᠥᠪᠳᠡᠯᠴᠡᠨ ᠳᠤᠭᠳᠠᠵᠤ᠂ ᠰᠠᠨᠠᠮᠵᠢ ᠶᠢᠨ ᠲᠦᠷᠦᠯ ᠵᠦᠢᠯ ᠤᠨ ᠠᠯᠢ ᠲᠦᠷᠭᠡᠨ ᠢᠶᠠᠷ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠬᠡᠵᠡᠢ᠃       ᠱᠠᠩᠬᠠᠢ ᠬᠤᠳᠠ ᠳᠤ᠂ ᠬᠠᠨ ᠲᠤᠤ ᠳᠤᠮᠳᠠᠳᠤ ᠤᠯᠤᠰ ︵ᠱᠠᠩᠬᠠᠢ︶  ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠭᠠᠶᠢᠯᠢ ᠪᠠᠲᠤᠯᠠᠬᠤ ᠣᠷᠣᠨ ᠤ ᠦᠵᠡᠭᠦᠯᠦᠯᠭᠡ ᠶᠢᠨ ᠣᠷᠳᠣᠨ᠂ ᠳᠡᠯᠡᠬᠡᠢ ᠶᠢᠨ ᠴᠤᠭᠯᠠᠭᠠᠨ ᠪᠣᠯᠣᠨ ᠱᠠᠩᠬᠠᠢ ᠶᠢᠨ ᠱᠠᠨ ᠮᠠ ᠣᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠴᠢᠯᠦᠭᠡᠲᠦ ᠠᠷᠠᠯᠵᠢᠶᠠᠨ ᠤ ᠣᠷᠣᠨ ᠤ ᠶᠡᠷᠦᠩᠬᠡᠢ ᠪᠠᠶᠢᠳᠠᠯ᠂ ᠬᠥᠭᠵᠢᠯᠲᠡ ᠶᠢᠨ ᠶᠠᠪᠤᠴᠠ ᠪᠠ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠸᠠᠢ ᠭᠤᠣ ᠴᠢᠶᠣᠣ ᠶᠢᠨ ᠭᠠᠶᠢᠯᠢ ᠪᠠᠲᠤᠯᠠᠬᠤ ᠣᠷᠣᠨ ᠤ ᠳᠦᠷᠢᠮ᠂ ᠴᠢᠳᠠᠮᠵᠢ ᠪᠠ ᠦᠢᠯᠡᠴᠢᠯᠡᠭᠡ ᠵᠡᠷᠭᠡ ᠲᠠᠯ᠎ᠠ ᠪᠠᠷ ᠬᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠭᠠᠳᠠᠭᠠᠳᠤ ᠠᠷᠠᠯᠵᠢᠶᠠᠨ ᠤ ᠪᠡᠯᠡ ᠣᠷᠣᠭᠤᠯᠤᠯᠲᠠ᠂ ᠴᠢᠳᠠᠪᠤᠷᠢᠲᠠᠨ ᠤ ᠴᠤᠭᠯᠠᠷᠠᠯ᠂ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠪᠠ ᠰᠢᠨ᠎ᠡ ᠶᠢ ᠡᠭᠦᠳᠦᠭᠰᠡᠨ ᠵᠢᠱᠢᠶ᠎ᠡ ᠶᠢᠨ ᠦᠷ᠎ᠡ ᠪᠦᠲᠦᠭᠡᠯ ᠢ ᠳᠡᠯᠭᠡᠷᠡᠭᠦᠯᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠪᠠᠷ  ᠭᠤᠶᠤᠴᠢᠯᠠᠵᠤ ᠪᠠᠶᠢᠭ᠎ᠠ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠠᠪᠴᠢᠯ  ᠢ ᠰᠤᠷᠤᠯᠴᠠᠨ ᠲᠣᠯᠢ ᠪᠣᠯᠭᠠᠵᠤ᠂ ︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠤᠨ ᠬᠡᠷᠡᠭᠵᠢᠭᠦᠯᠬᠦ ᠲᠥᠰᠥᠯ ᠢ ᠦᠷᠭᠦᠯᠵᠢᠯᠡᠨ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠢᠳᠡᠪᠬᠢᠲᠡᠢ ᠬᠡᠷᠡᠭᠯᠡᠨ᠂ ᠠᠯᠢ ᠲᠦᠷᠭᠡᠨ ᠢᠶᠠᠷ ᠦᠨᠡᠨ ᠪᠣᠳᠠᠲᠠᠢ ᠠᠬᠢᠴᠠ ᠲᠠᠢ ᠪᠣᠯᠭᠠᠬᠤ ᠪᠠᠷ ᠴᠢᠷᠮᠠᠶᠢᠵᠤ᠂ ᠨᠠᠩ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠬᠡᠵᠡᠢ᠃ ᠬᠠᠨ ᠲᠤᠤ ᠪᠠᠰᠠ ᠣᠷᠳᠣᠰ ᠬᠤᠳᠠ ᠶᠢᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠢᠶᠠᠷ ᠰᠤᠷᠪᠤᠯᠵᠢᠯᠠᠭᠰᠠᠨ ᠤ ᠬᠠᠮᠲᠤ ᠳ᠋ᠦᠩᠱᠧᠩ ᠲᠣᠭᠤᠷᠢᠭ ᠤᠨ ︽ᠬᠤᠳᠠ ᠶᠢᠨ ᠬᠤᠷᠰᠢᠭᠴᠢ ᠡᠷᠢᠬᠦ︾ ᠱᠠᠩᠬᠠᠢ ᠳᠤ ᠰᠠᠭᠤᠭ᠎ᠠ ᠠᠷᠠᠯᠵᠢᠶᠠᠴᠢᠨ ᠤᠷᠢᠵᠤ ᠤᠶᠤᠨ ᠢ ᠲᠠᠲᠠᠬᠤ ᠠᠵᠢᠯ ᠤᠨ ᠦᠷᠳᠡᠬᠡᠨ ᠤ ᠫᠠᠶᠢᠰᠠ ᠶᠢ ᠰᠡᠬᠦᠪᠡ᠃      ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠰᠢᠨᠵᠢᠯᠡᠨ ᠦᠵᠡᠬᠦ ᠳᠤ ᠤᠷᠤᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ