ᠭᠤᠸ ᠢ ᠳ᠋ᠦᠩ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠬᠤᠢ ᠳᠠᠯᠠᠪᠠᠢ ᠳᠤ ᠠᠯᠪᠠᠯᠠᠬᠤ ᠠᠵᠢᠯᠯᠠᠭ᠎ᠠ ᠥᠷᠨᠢᠭᠦᠯᠵᠦ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/4/4
      4 ᠰᠠᠷ᠎ᠠ ᠶᠢᠨ 3 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ ᠤᠷᠢᠳ ᠬᠤᠵᠢᠳ ᠸᠠᠨ ᠮᠤ᠋ ᠱᠠᠨ ᠭᠠᠯ ᠢ ᠰᠡᠷᠭᠡᠶᠢᠯᠡᠬᠦ ᠥᠷᠲᠡᠭᠡ᠂ ᠰᠢᠩ ᠱᠧᠩ ᠳ᠋ᠡ ᠨᠡᠭᠦᠷᠡᠰᠦᠨ ᠠᠭᠤᠷᠬᠠᠢ ᠶᠢᠨ ᠳᠠᠬᠢᠨ ᠬᠠᠭᠠᠯᠪᠤᠷᠢᠯᠠᠬᠤ ᠣᠷᠣᠨ ᠤ ᠠᠮᠢ ᠠᠬᠤᠢ ᠶᠢᠨ ᠰᠡᠷᠭᠦᠭᠡᠯᠲᠡ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ᠂ ᠪᠠᠯᠭᠤᠨᠠᠳᠤ ᠨᠡᠭᠦᠷᠡᠰᠦᠨ ᠠᠭᠤᠷᠬᠠᠢ ᠶᠢᠨ ᠳᠠᠬᠢᠨ ᠬᠠᠭᠠᠯᠪᠤᠷᠢᠯᠠᠬᠤ ᠣᠷᠣᠨ ᠤ ᠴᠢᠴᠠᠷᠭᠠᠨ᠎ᠠ ᠶᠢᠨ ᠭᠤᠤᠷᠰᠤ ᠶᠢ ᠳᠡᠭᠰᠢᠯᠡᠬᠦ ᠲᠥᠷᠥᠯ ᠵᠦᠢᠯ᠂ ᠲᠧᠩ ᠶᠤᠸᠠᠨ ᠨᠡᠭᠦᠷᠡᠰᠦᠨ ᠠᠭᠤᠷᠬᠠᠢ᠂ ᠴᠢᠶᠠᠨ ᠶᠢᠨ ᠨᠡᠭᠦᠷᠡᠰᠦᠨ ᠠᠭᠤᠷᠬᠠᠢ ᠶᠢᠨ ᠲᠥᠪᠯᠡᠷᠡᠭᠦᠯᠦᠨ ᠬᠤᠯᠪᠤᠯᠳᠤᠭᠤᠯᠤᠨ ᠵᠠᠰᠠᠬᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠢᠴᠢ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠵᠡᠷᠭᠡ ᠭᠠᠵᠠᠷ ᠢᠶᠠᠷ ᠭᠦᠨᠵᠡᠭᠡᠶᠢᠷᠡᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠬᠤᠢ ᠳᠠᠯᠠᠪᠠᠢ ᠳᠤ ᠠᠯᠪᠠᠯᠠᠬᠤ ᠠᠵᠢᠯᠯᠠᠭ᠎ᠠ ᠶᠢ ᠥᠷᠨᠢᠭᠦᠯᠵᠦ᠂ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠬᠡᠶᠢᠯᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠠᠬᠤᠢ ᠳᠠᠯᠠᠪᠠᠢ ᠳᠤ ᠠᠯᠪᠠᠯᠠᠨ ᠬᠤᠷᠠᠯ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃       ᠭᠤᠤ ᠢ ᠳ᠋ᠦᠩ᠂ ᠬᠠᠳᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠨᠢ ᠮᠠᠨ ᠤ ᠳᠤᠭᠤᠷᠢᠭ ᠤᠨ ᠠᠮᠢ ᠠᠬᠤᠢ ᠶᠢᠨ ᠠᠮᠤᠷ ᠲᠦᠪᠰᠢᠨ ᠪᠣᠯᠣᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠬᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠤᠨ᠂ ᠭᠠᠵᠠᠷ ᠰᠢᠷᠣᠢ ᠶᠢᠨ ᠡᠷᠭᠢᠯᠲᠡ ᠶᠢ ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠠᠰᠠᠨ ᠰᠡᠷᠭᠦᠭᠡᠵᠦ᠂ ᠪᠠᠴᠢᠮ ᠶᠠᠭᠠᠷᠠᠯᠲᠠᠢ ᠠᠵᠢᠯᠯᠠᠨ ᠲᠦᠷᠦᠯ ᠵᠦᠢᠯ ᠤᠨ ᠲᠦᠷᠭᠡᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠠᠭᠤᠷᠬᠠᠢ ᠶᠢᠨ ᠲᠥᠪᠯᠡᠷᠡᠭᠦᠯᠦᠨ ᠬᠤᠯᠪᠤᠯᠳᠤᠭᠤᠯᠤᠭᠰᠠᠨ ᠵᠠᠰᠠᠯᠲᠠ ᠶᠢᠨ ᠬᠡᠪ ᠳᠠᠭᠤᠷᠢᠶᠠᠯ ᠪᠠ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠡᠪ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠪᠤᠶ ᠪᠣᠯᠭᠠᠵᠤ᠂ ᠲᠥᠯᠦᠪᠵᠢᠭᠦᠯᠭᠡ ᠶᠢᠨ ᠲᠥᠰᠥᠯ ᠢ ᠲᠦᠷᠭᠡᠬᠡᠨ ᠲᠣᠭᠲᠠᠭᠠᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ  ᠢ ᠵᠠᠰᠠᠬᠤ ᠶᠠᠪᠤᠳᠠᠯ ᠢ ᠲᠡᠷᠢᠵᠦ ᠲᠡᠵᠢᠭᠡᠨ ᠦᠷᠡᠵᠢᠭᠦᠯᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ  ᠤᠨ ᠬᠥᠭᠵᠢᠯᠲᠡ ᠯᠦᠭᠡ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠨ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠠᠷᠢᠯᠴᠠᠨ ᠨᠥᠬᠦᠪᠦᠷᠢᠯᠡᠵᠦ ᠬᠠᠮᠲᠤᠪᠠᠷ ᠠᠰᠢᠭ ᠬᠥᠷᠳᠡᠬᠦ ᠶᠢ ᠪᠡᠶᠡᠯᠡᠭᠦᠯᠬᠦ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠬᠡᠳᠬᠡᠨ ᠪᠣᠭᠤᠮᠲᠠ ᠰᠢᠪᠲᠤᠯᠵᠤ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠬᠢᠵᠢᠭᠦᠯᠵᠦ᠂ ᠠᠮᠢ ᠠᠬᠤᠢ ᠶᠢᠨ ᠳᠠᠪᠠᠭᠤᠯᠢᠭ ᠢ ᠪᠤᠢ ᠪᠣᠯᠭᠠᠬᠤ ᠬᠡᠷᠡᠭᠲᠡᠢ᠃ ︽ᠬᠡᠨ ᠨᠡᠭᠡᠭᠡᠨ ᠮᠠᠯᠲᠠᠪᠠᠯ ᠬᠡᠨ ᠵᠠᠰᠠᠬᠤ᠂ ᠨᠡᠭᠡᠭᠡᠨ ᠮᠠᠯᠲᠠᠬᠤ ᠶᠢᠨ ᠳᠠᠭᠠᠤ ᠵᠠᠰᠠᠬᠤ︾ ᠵᠠᠷᠴᠢᠮ ᠶᠣᠰᠣᠭᠠᠷ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠭᠤᠷᠬᠠᠢ ᠶᠢᠨ ᠶᠡᠷᠦᠩᠬᠡᠶᠢᠯᠡᠭᠰᠡᠨ ᠵᠠᠰᠠᠯᠲᠠ ᠪᠠ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠵᠤ᠂ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠮᠢᠨᠴᠦᠬᠦᠷᠡᠬᠦ ᠦᠵᠡᠯ ᠰᠠᠨᠠᠭ᠎ᠠ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠬᠡᠶᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠥᠷᠭᠡᠨ ᠢᠶᠠᠷ ᠤᠬᠠᠭᠤᠯᠤᠨ ᠬᠥᠮᠥᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠬᠡᠵᠡᠢ᠃      ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠭᠤᠤ ᠮᠢᠩ᠂ ᠳ᠋ᠦ᠋ ᠵᠢᠢ ᠺᠤᠸᠠᠨ᠂ ᠸᠠᠩ ᡁᠢ ᠤᠷᠤᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ