| 7 ᠤ ᠡᠳᠦᠷ ᠤᠨ ᠦᠳᠡ ᠶᠢᠨ ᠡᠮᠦᠨ᠎ᠡ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ | ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ ᠨᠠᠷ ᠬᠠᠨᠲᠠᠢ ᠪᠠᠯᠭᠠᠰᠤᠨ ᠤ ᠶᠦᠩ ᠱᠧᠩ ᠲᠣᠰᠬᠤᠨ ᠤ | ᠠᠷᠪᠠᠳᠤᠭᠠᠷ ᠬᠤᠷᠰᠢᠶ᠎ᠠ ᠶᠢᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠴᠢᠭ ᠲᠤ ᠬᠦᠷᠴᠦ᠂ ᠥᠷᠭᠡᠨ ᠤᠯᠠᠨ ᠺᠠᠳ᠋ᠷ ᠤᠯᠠᠨ ᠲᠦᠮᠡᠨ ᠲᠠᠢ ᠬᠠᠮᠲᠤ | ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | ᠠᠯᠪᠠᠨ ᠵᠢᠷᠤᠮ ᠤᠨ ᠮᠣᠳᠣ ᠲᠠᠷᠢᠬᠤ ᠭᠠᠵᠠᠷ ᠲᠤ᠂ ᠭᠤᠤ ᠢ ᠳ᠋ᠦᠩ᠂ ᠬᠠᠨ ᠲᠤᠤ ᠵᠡᠷᠭᠡ ᠤᠳᠤᠷᠢᠳᠬᠤ ᠺᠠᠳ᠋ᠷ ᠤᠯᠠᠨ ᠲᠦᠮᠡᠨ ᠲᠠᠢ ᠬᠠᠮᠲᠤ ᠪᠠᠷ ᠬᠦᠷᠵᠡ | ᠡᠷᠬᠢᠬᠦᠯᠵᠤ ᠰᠢᠷᠣᠢ ᠤᠬᠤᠨ ᠭᠠᠵᠡᠷ ᠲᠡᠭᠰᠢᠯᠡᠵᠤ᠂ ᠤᠰᠤ ᠵᠦᠬᠡᠬᠡᠨ ᠤᠰᠤᠯᠠᠵᠤ᠂ ᠠᠵᠢᠯ ᠤᠨ ᠳᠠᠷᠠᠭᠠᠯᠠᠯ ᠨᠢᠭᠡᠪᠦᠷᠢ ᠶᠢ ᠨᠠᠷᠢᠨ ᠬᠢᠨᠠᠮᠠᠭᠠᠢ ᠪᠡᠶᠡᠯᠡᠭᠦᠯᠵᠦ᠂ | ᠶᠠᠭᠠᠷᠠᠯᠲᠠᠢ ᠬᠦᠳᠡᠯᠮᠦᠷᠢᠯᠡᠵᠡᠬᠡᠪᠠ᠃ | | | | | 2024 ᠣᠨ ᠤ ᠳ᠋ᠦᠩᠱᠧᠩ ᠲᠣᠭᠤᠷᠢᠭ ᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠨᠢᠭᠡ ᠰᠠᠷ᠎ᠠ ᠶᠢᠨ ᠬᠤᠭᠤᠴᠠᠭ᠎ᠠ ᠲᠠᠢ | ᠶᠠᠪᠤᠭᠳᠠᠵᠤ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠ ᠶᠢᠨ ᠠᠷᠠᠳ᠂ ᠰᠠᠶᠢᠨ ᠲᠤᠷᠠᠴᠤᠤᠯ ᠢ ᠳᠠᠶᠢᠴᠢᠯᠠᠨ 25.2 ᠲᠦᠮᠡᠨ ᠬᠥᠮᠥᠨ | ᠤᠳᠠᠭ᠎ᠠ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ 120 | ᠲᠦᠮᠡᠨ ᠰᠠᠭᠤᠷᠢ ᠪᠡᠶᠡᠯᠡᠭᠦᠯᠵᠦ᠂ ᠪᠤᠰᠤᠳ ᠢᠨᠵᠧᠨᠧᠷᠢᠩ ᠤᠨ ᠣᠶᠢᠵᠢᠭᠤᠯᠤᠯᠲᠠ ᠪᠠ ᠪᠣᠶᠢᠵᠢᠭᠤᠯᠤᠯᠲᠠ ᠶᠢ 4.8 ᠲᠦᠮᠡᠨ ᠮᠦ ᠪᠡᠶᠡᠯᠡᠭᠦᠯᠬᠦ ᠪᠠᠷ ᠲᠥᠯᠥᠪᠯᠡᠵᠦ᠂ | ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠬᠠᠳᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠦᠴᠦᠲᠡᠢ ᠠᠬᠢᠭᠤᠯᠬᠤ ᠪᠠᠷ | ᠪᠠᠶᠢᠨ᠎ᠠ᠃ | ᠣᠶᠢᠯᠠᠭᠠᠭᠰᠠᠨ ᠢᠶᠠᠷ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠬᠡᠷᠡᠭᠵᠢᠭᠦᠯᠦᠭᠰᠡᠨ 46 ᠵᠢᠯ ᠤᠨ ᠲᠤᠷᠰᠢ᠂ ᠳ᠋ᠦᠩᠱᠧᠩ | ᠲᠣᠭᠤᠷᠢᠭ ᠲᠤ ᠨᠡᠶᠢᠲᠡ 34 ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠠᠢ ᠪᠤᠯᠵᠤ᠂ 978 ᠲᠦᠮᠡᠨ ᠬᠥᠮᠥᠨ ᠤᠳᠠᠭ᠎ᠠ ᠪᠥᠬᠦ ᠠᠷᠠᠳ ᠤᠨ | ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠡᠯ᠎ᠡ ᠲᠥᠷᠥᠯ ᠤᠨ ᠲᠤᠷᠤᠭ ᠪᠤᠲᠠ ᠮᠣᠳᠣ ᠶᠢ 5720.1 ᠭᠠᠷᠤᠢ ᠲᠦᠮᠡᠨ ᠰᠠᠭᠤᠷᠢ | ᠳᠠᠷᠢᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠳ᠋ᠦᠩᠱᠧᠩ ᠲᠣᠭᠤᠷᠢᠭ ᠤᠨ ᠬᠢᠨ ᠤᠯᠤᠰ ᠤᠨ ᠣᠶ ᠰᠢᠭᠤᠢ ᠶᠢᠨ ᠬᠤᠲᠠ᠂ ᠤᠯᠤᠰ ᠤᠨ ᠠᠮᠢ ᠠᠬᠤᠢ ᠶᠢᠨ | ᠴᠡᠴᠡᠷᠯᠢᠭᠵᠢᠬᠦᠯᠦᠯᠳᠠ ᠶᠢᠨ ᠬᠤᠲᠠ᠂ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠲᠤᠭᠤᠷᠢᠭ᠂ ᠪᠥᠬᠦ ᠤᠯᠤᠰ ᠤᠨ ᠣᠶ ᠰᠢᠭᠤᠢ ᠶᠢᠨ | ᠵᠢᠭᠤᠯᠴᠢᠯᠠᠯ ᠤᠨ ᠵᠢᠱᠢᠶᠠᠴᠢ ᠲᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠠᠷᠠᠳ ᠤᠨ | ᠠᠯᠪᠡᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠲᠦᠪᠯᠡᠷᠡᠩᠬᠦᠢ ᠪᠠ ᠲᠠᠷᠠᠬᠠᠢ ᠪᠠᠷ ᠦᠷᠨᠢᠬᠦᠯᠦᠨ᠂ ᠣᠶᠢᠵᠢᠭᠤᠯᠵᠤ ᠨᠣᠭᠤᠭᠠᠷᠠᠭᠤᠯᠬᠤ᠂ ᠲᠠᠷᠢᠵᠤ ᠠᠷᠠᠴᠢᠯᠠᠬᠤ᠂ | ᠬᠠᠮᠢᠶᠠᠷᠤᠨ ᠬᠠᠮᠠᠭᠠᠯᠠᠬᠤ᠂ ᠲᠠᠭᠠᠭᠠᠨ ᠳᠠᠷᠢᠵᠤ ᠲᠡᠵᠢᠭᠡᠬᠦ᠂ ᠲᠦᠬᠦᠬᠡᠷᠦᠮᠵᠢ ᠶᠢ ᠵᠠᠰᠠᠨ ᠪᠠᠶᠢᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠣᠯᠠᠨ | ᠵᠦᠢᠯ ᠤᠨ ᠬᠡᠯᠪᠡᠷᠢ ᠪᠠᠷ ᠳᠠᠮᠵᠢᠭᠤᠯᠤᠨ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ | ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠠᠯᠠᠪᠠᠶ ᠶᠢ ᠲᠠᠰᠤᠷᠠᠯᠲᠠ ᠦᠭᠡᠢ ᠨᠡᠮᠡᠭᠳᠡᠬᠦᠯᠵᠤ ᠪᠠᠶᠢᠨ᠎ᠠ᠃ | | | | | |