ᠲᠢᠶᠠᠨ ᠠᠨ ᠮᠧᠨ ᠤ ᠤᠯᠤᠰ ᠤᠨ ᠲᠤᠭ ᠳ᠋ᠦᠩᠱᠧᠩ ᠲᠤᠭᠤᠷᠢᠭ ᠲᠤ ᠰᠠᠭᠠᠳᠠᠵᠠᠢ︕
ᠨᠡᠶᠢᠲᠡᠯᠡᠭᠰᠡᠨ ᠴᠠᠭ᠄
2024/4/9
    4 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ︽ᠤᠯᠤᠰ ᠢᠶᠠᠨ ᠬᠦᠴᠦᠷᠬᠡᠭᠵᠢᠭᠦᠯᠬᠦ ᠬᠦᠰᠡᠯ ᠢᠶᠠᠨ ᠬᠦᠪᠴᠢᠯᠡᠵᠤ    ᠦᠩᠬᠡ ᠬᠡᠷᠡᠯᠳᠤ ᠪᠠᠭᠠᠴᠤᠳ ᠪᠣᠯᠬᠤ︾ ᠪᠠᠷ ᠭᠤᠣᠯ ᠰᠡᠳᠦᠪ ᠪᠣᠯᠭᠠᠭᠰᠠᠨ ᠲᠢᠶᠠᠨ ᠠᠨ ᠮᠧᠨ ᠤ ᠤᠯᠤᠰ ᠤᠨ ᠲᠤᠭ ᠤᠨ ᠠᠩᠬᠢ ᠶᠢᠨ ᠪᠠᠶᠢᠯᠳᠤᠭᠴᠢ ᠰᠤᠷᠭᠠᠭᠤᠯᠢ ᠶᠢᠨ ᠬᠦᠷᠢᠶᠡᠨ ᠳᠤ ᠲᠤᠭ ᠮᠠᠨᠳᠤᠭᠤᠯᠵᠤ᠂ ᠲᠤᠭ ᠣᠯᠭᠤᠬᠤ ᠶᠣᠰᠣᠯᠠᠯ ᠳ᠋ᠦᠩᠱᠧᠩ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃ ᠠᠵᠢᠯᠯᠠᠭ᠎ᠠ ᠶᠢᠨ ᠳᠤᠮᠳᠠ᠂ ᠳ᠋ᠦᠩᠱᠧᠩ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ ᠶᠢᠨ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ︽ᠡᠬᠡ ᠤᠯᠤᠰ ᠮᠢᠨᠢ︾ ᠭᠡᠬᠦ ᠳᠠᠭᠤᠤ ᠶᠢ ᠬᠠᠮᠲᠤ ᠪᠠᠷ ᠳᠠᠭᠤᠯᠠᠵᠤ᠂ ᠤᠯᠤᠰ ᠤᠨ ᠲᠤᠭ ᠤᠨ ᠰᠦᠷ ᠵᠢᠪᠬᠤᠯᠠᠩᠲᠤ ᠪᠠᠶᠢᠳᠠᠯ ᠢ ᠣᠶᠢᠯᠠᠭᠠᠵᠤ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠨ᠂ ᠡᠬᠡ ᠤᠯᠤᠰ ᠤᠨ ᠬᠥᠭᠵᠢᠯ ᠴᠡᠴᠡᠭᠯᠡᠯ ᠢ ᠵᠦᠩᠨᠡᠬᠦ ᠶᠢᠨ ᠬᠠᠮᠲᠤ ︽ᠡᠬᠡ ᠤᠯᠤᠰ ᠮᠢᠨᠢ᠂ ᠪᠢ ᠴᠢᠮ᠎ᠠ ᠳᠤ ᠪᠠᠨ ᠬᠠᠶᠢᠷᠠᠲᠠᠶ︾ ᠭᠡᠬᠦ ᠠᠩᠭᠢ ᠶᠢᠨ ᠨᠠᠶᠢᠷᠠᠯ ᠳᠠᠭᠤᠤ ᠶᠢᠨ ᠦᠵᠡᠭᠦᠯᠦᠯᠭᠡ ᠬᠢᠪᠠ᠃
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ