ᠲᠠᠷᠬᠠᠯᠠᠭ᠎ᠠ ᠶᠢᠨ ᠴᠢᠳᠠᠪᠤᠷᠢ ᠪᠠᠨ ᠬᠡᠷᠬᠢᠨ ᠳᠡᠬᠡᠭᠰᠢᠯᠡᠬᠦᠯᠬᠦ ᠪᠤᠢ︖
ᠨᠡᠶᠢᠲᠡᠯᠡᠭᠰᠡᠨ ᠴᠠᠭ᠄
2024/5/14
    ᠤᠯᠠᠨ ᠵᠦᠢᠯ ᠤᠨ ᠢᠳᠡᠬᠡᠨ ᠢ ᠵᠤᠬᠢᠴᠠᠭᠤᠯᠤᠨ ᠢᠳᠡᠨ᠎ᠡ       ᠡᠳᠤᠷ ᠪᠦᠷᠢ 12 ᠵᠦᠢᠯ ᠠᠴᠠ ᠳᠡᠬᠡᠭᠰᠢ᠂ ᠭᠠᠷᠠᠭ ᠪᠦᠷᠢ 25 ᠠᠴᠠ ᠳᠡᠬᠡᠭᠰᠢ ᠤᠯᠠᠨ ᠵᠦᠢᠯ ᠤᠨ ᠢᠳᠡᠬᠡᠨ ᠢᠳᠡᠵᠤ᠂ ᠡᠳᠡᠬᠡᠷ ᠢᠳᠡᠬᠡᠨ ᠢᠶᠠᠨ ᠴᠢᠳᠠᠬᠤ ᠶᠢᠨ ᠳᠤᠳᠤᠷ᠎ᠠ ᠭᠤᠷᠪᠠᠨ ᠡᠷᠢᠨ ᠤ ᠬᠤᠭᠤᠯᠠᠨ ᠳᠤ ᠪᠠᠨ ᠵᠤᠬᠢᠰᠳᠠᠢ ᠳᠤᠬᠢᠷᠠᠭᠤᠯᠪᠠᠯ ᠵᠤᠬᠢᠨ᠎ᠠ᠃ ᠬᠡᠷ ᠤᠨ ᠬᠦᠮᠦᠰ ᠲᠠᠢ ᠪᠠᠨ ᠬᠠᠮᠳᠤ ᠬᠤᠭᠤᠯᠠ ᠬᠢᠬᠦ ᠨᠢ ᠢᠳᠡᠬᠡᠨ ᠤᠮᠳᠠᠭᠠᠨ ᠤ ᠤᠯᠠᠨ ᠶᠠᠩᠵᠤ ᠶᠢᠨ ᠴᠢᠨᠠᠷ ᠢ ᠪᠠᠳᠤᠯᠠᠬᠤ ᠳᠤ ᠠᠰᠢᠭᠳᠠᠢ ᠪᠠᠶᠢᠳᠠᠭ᠃       ᠤᠭᠤᠷᠠᠭ ᠤᠨ ᠬᠡᠮᠵᠢᠶ᠎ᠡ ᠪᠠᠨ ᠪᠠᠳᠤᠯᠠᠨ᠎ᠠ       ᠴᠢᠨᠠᠷ ᠰᠠᠶᠢᠳᠠᠢ ᠤᠭᠤᠷᠠᠭ ᠢ ᠬᠦᠢᠴᠡᠳ ᠰᠢᠩᠬᠡᠬᠡᠨ ᠠᠪᠬᠤ ᠶᠢ ᠪᠠᠳᠤᠯᠠᠬᠤ ᠬᠡᠷᠡᠭᠳᠡᠢ᠃ ᠠᠯᠢ ᠴᠢᠳᠠᠬᠤ  ᠪᠠᠷ ᠤᠭᠤᠷᠠᠭ ᠤᠨ ᠠᠭᠤᠯᠤᠭᠳᠠᠴᠠ ᠪᠠᠷ ᠦᠨᠳᠤᠷ ᠢᠳᠡᠬᠡᠨ ᠢ ᠰᠤᠩᠭᠤᠵᠤ᠂ ᠦᠬᠡᠬᠦ ᠶᠢᠨ ᠠᠭᠤᠯᠤᠭᠳᠠᠴᠠ ᠪᠠᠷ ᠬᠠᠷᠢᠴᠠᠩᠭᠤᠢ ᠳᠤᠤᠷ᠎ᠠ ᠢᠳᠡᠬᠡᠨ ᠢ ᠢᠳᠡᠨ᠎ᠡ᠃ ᠵᠢᠱᠢᠶᠡᠯᠡᠪᠡᠯ ᠵᠢᠩᠨᠡᠭᠰᠡᠨ ᠵᠢᠭᠠᠰᠤ᠂ ᠰᠠᠮ ᠬᠤᠷᠤᠬᠠᠢ ᠶᠢ ᠭᠤᠷᠪᠠᠨ ᠡᠷᠢᠨ ᠤ ᠬᠤᠭᠤᠯᠠ ᠳᠤ ᠪᠠᠨ ᠵᠤᠬᠢᠰᠳᠠᠢ ᠳᠤᠬᠢᠷᠠᠭᠤᠯᠵᠤ᠂ ᠤᠳᠠᠭ᠎ᠠ ᠪᠦᠷᠢ ᠶᠢᠨ ᠬᠤᠭᠤᠯᠠ ᠳᠤ 25 ~ 30 ᠭᠷᠠᠮ ᠤᠨ ᠤᠭᠤᠷᠠᠭ ᠤᠨ ᠬᠡᠮᠵᠢᠶ᠎ᠡ ᠶᠢ ᠪᠠᠳᠤᠯᠠᠪᠠᠯ ᠵᠤᠬᠢᠨ᠎ᠠ᠃       ᠡᠳᠤᠷ ᠪᠦᠷᠢ ᠰᠢᠨ᠎ᠡ ᠰᠤᠷᠭᠤᠭ ᠵᠢᠮᠢᠰ ᠨᠤᠭᠤᠭ᠎ᠠ ᠢᠳᠡᠨ᠎ᠡ       ᠡᠳᠤᠷ ᠪᠤᠯᠭᠠᠨ ᠰᠢᠨ᠎ᠡ ᠰᠤᠷᠭᠤᠭ ᠢᠳᠡᠰᠢᠨ ᠨᠤᠭᠤᠭ᠎ᠠ ᠪᠠ ᠵᠢᠮᠢᠰ ᠢᠳᠡᠬᠦ ᠶᠢ ᠪᠠᠳᠤᠯᠠᠬᠤ ᠬᠡᠷᠡᠭᠳᠡᠢ᠃ ᠡᠳᠤᠷ ᠪᠦᠷᠢ ᠶᠢᠨ ᠢᠳᠡᠰᠢᠨ ᠨᠤᠭᠤᠭ᠎ᠠ ᠶᠢᠨ ᠶᠡᠷᠦᠩᠬᠡᠢ ᠬᠡᠮᠵᠢᠶ᠎ᠡ ᠶᠢ 300 — 500 ᠭᠷᠠᠮ ᠳᠤ ᠬᠦᠷᠬᠡᠵᠤ᠂ ᠲᠦᠪᠡᠳ ᠬᠠᠰᠢ᠂ ᠪᠦᠬᠡᠷᠡᠩᠬᠡᠢ ᠡᠰᠢᠳᠤ ᠨᠤᠭᠤᠭ᠎ᠠ᠂ ᠴᠠᠭᠠᠨ ᠨᠤᠭᠤᠭ᠎ᠠ᠂ ᠦᠩᠬᠡᠳᠤ ᠯᠠᠵᠤᠤ ᠵᠡᠷᠬᠡ ᠬᠦᠨ ᠦᠩᠬᠡᠳᠡᠢ ᠨᠤᠭᠤᠭ᠎ᠠ ᠶᠢ ᠢᠳᠡᠪᠡᠯ ᠰᠠᠶᠢᠨ᠃       ᠬᠦᠢᠴᠡᠳ ᠬᠡᠮᠵᠢᠶᠡᠨ ᠤ ᠤᠰᠤ ᠤᠤᠭᠤᠨ᠎ᠠ       ᠡᠳᠤᠷ ᠲᠤ 1500 — 2000 ᠮᠢᠯᠢᠯᠢᠲᠷ ᠤᠰᠤ ᠤᠤᠭᠤᠨ᠎ᠠ᠃ ᠠᠯᠢ ᠴᠢᠳᠠᠬᠤ ᠪᠠᠷ ᠪᠤᠴᠠᠯᠤᠭᠰᠠᠨ ᠤᠰᠤ᠂ ᠷᠠᠰᠢᠶᠠᠨ ᠤᠰᠤ᠂ ᠰᠢᠩᠬᠡᠨ ᠴᠠᠢ ᠶᠢ ᠰᠤᠩᠭᠤᠵᠤ᠂ ᠡᠯ᠎ᠡ ᠵᠦᠢᠯ ᠤᠨ ᠰᠢᠬᠢᠷ ᠲᠠᠢ ᠤᠮᠳᠠᠭᠠᠨ ᠢ ᠰᠤᠩᠭᠤᠬᠤ ᠦᠬᠡᠢ ᠪᠤᠯ ᠵᠤᠬᠢᠨ᠎ᠠ᠃       ᠪᠡᠶ᠎ᠡ ᠶᠢᠨ ᠬᠦᠨᠳᠤ ᠪᠠᠨ ᠪᠠᠳᠤᠯᠠᠨ᠎ᠠ       ᠪᠡᠶ᠎ᠡ ᠶᠢᠨ ᠬᠡᠪ ᠤᠨ ᠬᠦᠨᠳᠤ ᠪᠠᠨ ᠪᠠᠳᠤᠯᠠᠬᠤ ᠪᠤᠯ ᠳᠠᠷᠬᠠᠯᠠᠭ᠎ᠠ ᠶᠢᠨ ᠴᠢᠳᠠᠪᠬᠢ ᠶᠢ ᠬᠠᠮᠠᠭᠠᠯᠠᠬᠤ ᠶᠢᠨ ᠴᠢᠬᠤᠯᠠ ᠰᠠᠭᠤᠷᠢ ᠮᠦᠨ᠃ ᠢᠳᠡᠵᠤ ᠤᠤᠭᠤᠬᠤ ᠪᠠᠨ ᠳᠡᠩᠴᠡᠬᠦᠷᠢᠳᠡᠢ ᠪᠠᠶᠢᠯᠭᠠᠨ᠂ ᠰᠠᠶᠢᠨ ᠰᠠᠶᠢᠬᠠᠨ ᠠᠮᠢᠳᠤᠷᠠᠯ  ᠤᠨ ᠳᠠᠳᠬᠠᠯ ᠢ ᠪᠠᠳᠤᠯᠠᠵᠤ᠂ ᠠᠵᠢᠯᠯᠠᠵᠤ ᠠᠮᠠᠷᠠᠬᠤ ᠴᠠᠭ ᠢᠶᠠᠨ ᠵᠢᠮ᠎ᠡ ᠶᠤᠰᠤ ᠲᠠᠢ ᠪᠠᠶᠢᠯᠭᠠᠬᠤ ᠬᠡᠷᠡᠭᠳᠡᠢ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ